ᠮᠠᠯᠴᠢᠨ ᠠᠶᠢᠯ ᠤᠨ ᠪᠠᠶᠠᠰᠦᠯ
ᠨᠡᠶᠢᠲᠡᠯᠡᠭᠰᠡᠨ ᠴᠠᠭ᠄
2025/5/14
      ᠬᠦᠳᠡᠭᠡ ᠨᠤᠳᠤᠭ ᠮᠠᠯᠵᠢᠬᠤ ᠤᠷᠤᠨ ᠢᠶᠠᠷ ᠬᠦᠷᠪᠡᠯ ᠲᠦᠯ ᠤᠨ ᠳᠠᠭᠤᠨ ᠳᠠᠯ᠎ᠠ ᠵᠢᠯᠠᠭ᠎ᠠ ᠪᠠᠷ ᠬᠠᠨᠭ᠍ᠬᠢᠨᠠᠵᠦ᠂ ᠮᠠᠯᠴᠢᠳ ᠦᠪᠡᠷ ᠤᠨ ᠤᠶᠤᠨ ᠤᠬᠠᠭᠠᠨ᠂ ᠬᠠᠶᠢᠷ᠎ᠠ ᠰᠡᠳᠬᠢᠯ᠂ ᠬᠦᠳᠡᠯᠮᠦᠷᠢ ᠬᠦᠯᠦᠰᠦ ᠪᠠᠨ ᠰᠢᠪᠬᠠᠨ ᠵᠢᠷᠭᠠᠯᠳᠤ ᠠᠮᠢᠳᠤᠷᠠᠯ ᠢᠶᠠᠨ ᠴᠤᠭᠴᠠᠯᠠᠬᠤ ᠪᠠᠷ ᠦᠷᠯᠦᠬᠡ ᠦᠳᠡᠰᠢ ᠲᠠᠢ ᠳᠡᠮᠡᠴᠡᠨ ᠴᠢᠷᠮᠠᠶᠢᠨ ᠠᠵᠢᠯᠯᠠᠵᠠᠭᠠᠨ᠎ᠠ᠃      ᠵᠢᠯ ᠤᠨ ᠡᠬᠢ ᠬᠠᠪᠦᠷ ᠵᠢᠷᠭᠠᠯ ᠤᠨ ᠡᠬᠢ ᠬᠦᠳᠡᠯᠮᠦᠷᠢ ᠬᠡᠳᠡᠭᠴᠢᠯᠡᠨ ᠬᠠᠪᠦᠷ ᠤᠨ ᠤᠷᠢ ᠬᠦᠳᠡᠭᠡ ᠨᠤᠳᠤᠭ ᠲᠤ ᠰᠠᠭᠠᠳᠠᠬᠤ ᠳᠤ ᠮᠠᠯᠴᠢᠨ ᠲᠦᠮᠡᠨ ᠲᠦᠯ ᠲᠤᠰᠴᠦ ᠶᠠᠭᠠᠷᠠᠯᠳᠤᠨ᠎ᠠ᠃ ᠬᠤᠷᠴᠢᠨ ᠪᠠᠷᠠᠭᠤᠨ ᠭᠠᠷᠦᠨ ᠡᠮᠦᠨᠡᠳᠤ ᠬᠤᠰᠢᠭᠤᠨ ᠤ ᠲᠤᠬᠤᠮ ᠰᠤᠮᠤ ᠶᠢᠨ ᠬᠤᠯᠪᠤᠭ᠎ᠠ ᠭᠠᠴᠠᠭ᠎ᠠ ᠶᠢᠨ ᠬᠠᠯᠬ᠎ᠠ ᠶᠢᠨ ᠵᠢᠯᠠᠭ᠎ᠠ ᠠᠴᠠ ᠲᠦᠯ ᠤᠨ ᠲᠠᠭᠤᠨ ᠬᠠᠨᠭ᠍ᠬᠢᠨᠠᠵᠦ᠂ ᠬᠦᠳᠡᠯᠮᠦᠷᠢᠴᠢ ᠮᠠᠯᠴᠢᠳ ᠤᠨ ᠰᠡᠳᠬᠢᠯ ᠢ ᠪᠠᠶᠠᠰᠬᠠᠨ ᠠᠮᠢᠵᠢᠷᠠᠯ ᠤᠨ ᠬᠦᠴᠦᠨ ᠢᠶᠠᠷ ᠪᠢᠯᠬᠠᠨ᠎ᠠ᠃      ᠬᠤᠯᠪᠤᠭ᠎ᠠ ᠭᠠᠴᠠᠭ᠎ᠠ ᠶᠢᠨ ᠮᠠᠯᠴᠢᠨ ᠴᠢ ᠱᠢ ᠪᠠ᠂ ᠶᠢᠨ ᠬᠤᠸᠡ ᠬᠤᠶᠠᠭᠤᠯᠠ ᠬᠡᠵᠦ ᠬᠦᠳᠡᠭᠡ ᠨᠤᠳᠤᠭ ᠲᠠᠭᠠᠨ ᠠᠵᠢᠯ ᠬᠦᠳᠡᠯᠮᠦᠷᠢ ᠳᠤ ᠭᠠᠪᠰᠢᠭᠠᠶᠢᠯᠠᠵᠦ ᠶᠠᠪᠤᠭ᠎ᠠ ᠵᠠᠯᠠᠭᠤ ᠬᠤᠤᠰ ᠪᠤᠯᠤᠨ᠎ᠠ᠃ ᠲᠦᠷᠦᠬᠦᠭᠡᠨ᠂ ᠰᠤᠷᠪᠤᠯᠵᠢᠯᠠᠬᠴᠢ ᠲᠡᠳᠡᠨ ᠤ ᠬᠢᠨ ᠳᠤ ᠬᠦᠷᠬᠦ ᠳᠤ᠂ ᠲᠡᠳᠡ ᠬᠤᠶᠠᠭᠤᠯᠠ ᠪᠤᠳᠠ ᠪᠤᠭ ᠮᠠᠯ ᠢᠶᠠᠨ ᠡᠪᠡᠰᠦᠯᠡᠬᠦ᠂ ᠤᠰᠤᠯᠠᠬᠤ᠂ ᠬᠤᠷᠠᠭ᠎ᠠ ᠢᠰᠢᠬᠡ ᠤᠬᠵᠢᠬᠤ ᠬᠡᠳ ᠤᠨᠠᠬᠰᠠᠨ ᠮᠠᠯᠠᠭᠠᠢ ᠪᠠᠨ ᠠᠪᠬᠤ ᠵᠠᠪ ᠦᠬᠡᠢ ᠶᠠᠭᠠᠷᠠᠯᠳᠠᠢ ᠠᠵᠢᠯᠯᠠᠵᠦ ᠪᠠᠶᠢᠯ᠎ᠠ᠃ ᠲᠡᠳᠡᠨ ᠤ ᠬᠢᠨ ᠤᠶᠢᠷ᠎ᠠ ᠶᠢᠨ ᠬᠡᠳᠦᠨ ᠵᠢᠯ ᠠᠴᠠ ᠲᠤᠯᠠᠭᠠᠨ ᠲᠤᠬᠢᠯᠢᠭ ᠬᠠᠰᠢᠶ᠎ᠠ ᠰᠠᠷᠠᠪᠴᠢ ᠪᠠᠶᠢᠭᠤᠯᠤᠨ᠂ ᠮᠠᠯᠵᠢᠯ ᠤᠨ ᠮᠠᠰᠢᠨ ᠮᠧᠬᠠᠨᠢᠭ ᠬᠤᠳᠠᠯᠳᠤᠨ ᠠᠪᠤᠬᠰᠠᠨ ᠪᠦᠭᠡᠳ ᠨᠢᠳᠦᠨᠦᠨ ᠨᠠᠮᠦᠷ ᠡᠪᠡᠰᠦ ᠪᠤᠷᠳᠤᠭ᠎ᠠ ᠪᠠᠨ ᠬᠦᠢᠴᠡᠳ ᠨᠦᠭᠡᠴᠡᠯᠡᠭᠰᠡᠨ ᠠᠴᠠ ᠦᠨᠦ ᠬᠠᠪᠦᠷ 400 ᠭᠠᠷᠦᠢ ᠲᠦᠯ ᠲᠤᠰᠴᠦ ᠰᠡᠳᠬᠢᠯ ᠲᠡᠨᠢᠬᠦᠨ ᠪᠠᠶᠠᠰᠴᠦ ᠶᠠᠪᠤᠨ᠎ᠠ᠃ ᠦ᠋ ᠰᠡᠷᠭᠦᠯᠡᠩ ᠮᠡᠳᠡᠭᠡᠯᠡᠪᠡ
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号