ᠢᠦᠶ ᠵᠢᠶ ᠱᠦᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠳᠤ ᠰᠢᠨᠵᠢᠯᠡᠨ ᠪᠠᠶᠢᠴᠠᠭᠠᠯᠳᠠ ᠬᠢᠪᠡ
ᠨᠡᠶᠢᠲᠡᠯᠡᠭᠰᠡᠨ ᠴᠠᠭ᠄
2025/5/14
      5 ᠰᠠᠷ᠎ᠠ ᠶᠢᠨ 10 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠢᠦᠶ ᠵᠢᠶ ᠱᠦᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠳᠤ ᠰᠢᠨᠵᠢᠯᠡᠨ ᠪᠠᠶᠢᠴᠠᠭᠠᠯᠳᠠ ᠬᠢᠪᠡ᠃      ᠢᠦᠢ ᠵᠢᠢ ᠱᠦᠨ ᠤᠷᠢᠳ ᠬᠤᠵᠢᠳ ᠬᠤᠷᠴᠢᠨ ᠪᠠᠯᠭᠠᠰᠤ ᠶᠢᠨ ᠶᠤᠸᠠᠨ ᠹᠧᠩ ᠲᠣᠰᠬᠤᠨ᠂ ᠶᠤᠸᠠᠨ ᠳ᠋ᠠ ᠲᠣᠰᠬᠤᠨ᠂ ᠶᠤᠸᠠᠨ ᠰᠢᠨ ᠲᠣᠰᠬᠤᠨ ᠪᠣᠯᠤᠨ ᠬᠤᠷᠴᠢᠨ ᠸᠠᠩ ᠠᠷᠢᠬᠢᠨ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ ᠬᠦᠷᠴᠦ᠂ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠳᠡ ᠶᠢᠨ ᠪᠠᠶᠢᠳᠠᠯ ᠵᠡᠷᠭᠡ ᠶᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ᠃ ᠢᠦᠢ ᠵᠢᠢ ᠱᠦᠨ ᠴᠢᠬᠤᠯᠠᠴᠢᠯᠠᠭᠰᠠᠨ ᠨᠢ᠂ ᠡᠯ᠎ᠡ ᠭᠠᠵᠠᠷ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠲᠠ ᠶᠢ ᠠᠬᠢᠭᠤᠯᠬᠤ ᠬᠦᠴᠦᠲᠡᠢ ᠭᠠᠷᠳᠠᠴᠠ ᠪᠣᠯᠭᠠᠵᠤ᠂ ᠴᠡᠭᠴᠡᠯᠡᠨ ᠰᠠᠶᠢᠵᠢᠷᠠᠭᠤᠯᠤᠭᠰᠠᠨ ᠣᠷᠣᠨ ᠪᠦᠰᠡ ᠶᠢᠨ ᠠᠮᠢ ᠠᠬᠤᠢ ᠶᠢᠨ ᠦᠷ᠎ᠡ ᠠᠰᠢᠭ᠂ ᠠᠵᠤ ᠠᠬᠤᠢ ᠶᠢᠨ ᠦᠷ᠎ᠡ ᠠᠰᠢᠭ᠂ ᠨᠡᠶᠢᠭᠡᠮ ᠤᠨ ᠦᠷ᠎ᠡ ᠠᠰᠢᠭ ᠢ ᠨᠢᠭᠡᠳᠦᠯᠲᠡᠢ ᠪᠠᠶᠢᠯᠭᠠᠬᠤ ᠬᠡᠷᠡᠭᠲᠡᠢ᠃ ᠡᠬᠢ ᠪᠠᠶᠠᠯᠢᠭ ᠤᠨ ᠲᠠᠪᠠᠭᠤᠯᠢᠭ᠂ ᠣᠷᠣᠨ ᠪᠠᠶᠢᠷᠢ ᠶᠢᠨ ᠳᠠᠪᠠᠭᠤᠯᠢᠭ ᠪᠠ ᠠᠵᠤ ᠦᠢᠯᠡᠰ ᠤᠨ ᠲᠠᠪᠠᠭᠤᠯᠢᠭ ᠲᠤ ᠰᠠᠭᠤᠷᠢᠯᠠᠨ᠂ ᠲᠠᠷᠢᠶᠠᠯᠠᠩ ᠤᠨ ᠠᠵᠤ ᠦᠢᠯᠡᠰ ᠤᠨ ᠪᠦᠲᠦᠴᠡ ᠶᠢ ᠢᠳᠡᠪᠬᠢᠲᠡᠶ ᠪᠠᠷ ᠳᠣᠭᠢᠷᠠᠭᠤᠯᠵᠤ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ᠂ ᠵᠠᠬ᠎ᠠ ᠳᠡᠯᠭᠡᠭᠦᠷ ᠤᠨ ᠪᠣᠷᠣᠯᠠᠭᠤᠯᠭ᠎ᠠ᠂ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠬᠤ ᠵᠡᠷᠭᠡ ᠲᠠᠯ᠎ᠠ ᠪᠠᠷ ᠠᠵᠤ ᠠᠬᠤᠶᠢᠯᠠᠯ ᠢ ᠲᠡᠳᠬᠦᠬᠦ ᠡᠷᠴᠢᠮ ᠢᠶᠠᠨ ᠴᠢᠩᠭᠠᠷᠠᠭᠤᠯᠵᠤ᠂ ᠦᠷᠭᠦᠯᠵᠢᠯᠡᠬᠦᠶᠢᠴᠡ᠂ ᠣᠷᠣᠨᠴᠢᠯᠠᠭᠰᠠᠨ ᠤᠨᠴᠠᠯᠢᠭᠳᠤ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠬᠤ ᠬᠡᠷᠡᠭᠲᠡᠶ᠃ ᠠᠵᠤ ᠠᠬᠤᠶᠢᠯᠠᠯ ᠬᠥᠭᠵᠢᠯᠲᠡ ᠶᠢᠨ ᠢᠲᠡᠭᠡᠯ ᠵᠣᠷᠢᠭ ᠢᠶᠠᠨ ᠤᠯᠠᠮ ᠪᠠᠲᠤᠳᠬᠠᠵᠤ᠂ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠬᠡᠷᠡᠭᠯᠡᠭᠴᠢᠳ ᠤᠨ ᠬᠡᠷᠡᠭᠴᠡᠭᠡ ᠱᠠᠭᠠᠷᠳᠠᠯᠭ᠎ᠠ ᠶᠢ ᠭᠦᠨᠵᠡᠭᠡᠶ ᠰᠤᠳᠤᠯᠵᠤ᠂ ᠬᠠᠷᠠᠯᠲᠠᠲᠤ ᠵᠠᠬ᠎ᠠ ᠳᠡᠯᠭᠡᠭᠦᠷ ᠤᠨ ᠣᠷᠣᠨ ᠪᠠᠶᠢᠷᠢ ᠶᠢ ᠣᠨᠣᠴᠠᠲᠠᠶ ᠲᠣᠭᠲᠠᠭᠠᠵᠤ᠂ ᠦᠢᠯᠡᠳᠬᠦᠨ ᠤ ᠪᠦᠲᠦᠴᠡ ᠳᠤ ᠲᠣᠬᠢᠷᠠᠭᠤᠯᠤᠯᠲᠠ ᠬᠢᠵᠦ᠂ ᠡᠵᠡᠩᠨᠡᠨ ᠪᠣᠷᠣᠯᠠᠭᠤᠯᠬᠤ ᠵᠠᠭᠪᠤᠷ ᠲᠤ ᠰᠢᠨ᠎ᠡ ᠶᠢ ᠡᠭᠦᠳᠴᠦ᠂ ᠦᠢᠯᠡᠳᠬᠦᠨ ᠢ ᠦᠵᠡᠮᠵᠢ ᠶᠢᠨ ᠣᠷᠣᠨ᠂ ᠨᠡᠶᠢᠭᠡᠮ ᠲᠣᠭᠤᠷᠢᠭ᠂ ᠦᠢᠯᠡᠴᠢᠯᠡᠭᠡᠨ ᠤ ᠲᠣᠭᠤᠷᠢᠭ ᠲᠤ ᠣᠷᠣᠭᠤᠯᠬᠤ ᠵᠡᠷᠭᠡ ᠪᠠᠷ ᠪᠣᠷᠣᠯᠠᠭᠤᠯᠭ᠎ᠠ ᠶᠢᠨ ᠲᠠᠪᠴᠠᠩ ᠪᠠ ᠠᠷᠭ᠎ᠠ ᠵᠠᠮ ᠢ ᠴᠢᠷᠮᠠᠶᠢᠨ ᠥᠷᠭᠡᠳᠭᠡᠵᠦ᠂ ᠨᠠᠷᠠᠲᠤ ᠲᠥᠷᠥᠯ ᠲᠡᠮᠳᠡᠭᠲᠦ ᠶᠢᠨ ᠵᠠᠬ᠎ᠠ ᠳᠡᠯᠭᠡᠭᠦᠷ ᠤᠨ ᠡᠵᠡᠯᠡᠬᠦ ᠨᠣᠷᠮ᠎ᠠ ᠪᠠ ᠭᠤᠤᠯᠯᠠᠬᠤ ᠥᠷᠢᠰᠦᠯᠳᠦᠬᠦ ᠬᠦᠴᠦᠨ ᠢ ᠦᠷᠭᠦᠯᠵᠢᠯᠡᠨ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠴᠢᠨᠠᠷ ᠰᠠᠶᠢᠲᠠᠶ ᠦᠷᠭᠦᠯᠵᠢᠯᠡᠨ ᠬᠦᠭᠵᠢᠬᠦ ᠶᠢ ᠪᠡᠶᠡᠯᠡᠬᠦᠯᠬᠦ ᠬᠡᠷᠡᠭᠳᠡᠢ ᠭᠡᠪᠡ᠃ ︵ᠵᠠᠩ ᠴᠢᠶᠠᠩ︶
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号