| 5 ᠰᠠᠷ᠎ᠠ ᠶᠢᠨ 12 ᠤᠨ ᠡᠳᠦᠷ ᠪᠣᠯ ᠪᠦᠭᠦ ᠤᠯᠤᠰ ᠤᠨ 17 ᠳᠠᠬᠢ ᠭᠠᠮᠰᠢᠭ ᠢ ᠰᠡᠷᠭᠡᠶᠢᠯᠡᠨ ᠭᠠᠮᠰᠢᠭ ᠢ | ᠪᠠᠭᠠᠰᠬᠠᠬᠤ ᠡᠳᠦᠷ ᠪᠣᠯᠤᠨ᠎ᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠪᠠᠴᠢᠮ ᠪᠠᠶᠢᠳᠠᠯ ᠢ | ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠰᠢᠩ ᠺᠧ ᠨᠡᠶᠢᠭᠡᠮ ᠲᠣᠭᠤᠷᠢᠭ ᠲᠤ ᠭᠠᠮᠰᠢᠭ ᠢ ᠰᠡᠷᠭᠡᠶᠢᠯᠡᠨ | ᠭᠠᠮᠰᠢᠭ ᠢ ᠪᠠᠭᠠᠰᠬᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ | ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠠᠵᠢᠯᠲᠠᠳ ᠤᠬᠠᠭᠤᠯᠭ᠎ᠠ ᠶᠢᠨ ᠬᠥᠨᠳᠡᠯᠡᠨ ᠪᠢᠴᠢᠭᠡᠰᠦ ᠡᠯᠭᠦᠬᠦ᠂ | ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠬᠤ᠂ ᠲᠤᠬᠠᠶ ᠶᠢᠨ ᠲᠠᠯᠠᠪᠤᠷ ᠲᠤ ᠠᠰᠠᠭᠤᠯᠳᠠ ᠳᠤ ᠬᠠᠷᠢᠭᠤᠯᠳᠠ ᠦᠭᠬᠦ | ᠵᠡᠷᠭᠡ ᠪᠠᠷ ᠳᠠᠮᠵᠢᠭᠤᠯᠤᠨ᠂ ᠨᠠᠰᠢ ᠴᠠᠰᠢ ᠥᠩᠭᠡᠷᠡᠬᠦ ᠣᠯᠠᠨ ᠲᠦᠮᠡᠨ ᠳᠤ ᠭᠠᠵᠠᠷ ᠬᠥᠳᠡᠯᠦᠯᠲᠡ᠂ ᠦᠶᠡᠷ | ᠤᠰᠤᠳᠤᠯ ᠵᠡᠷᠭᠡ ᠡᠯ᠎ᠡ ᠲᠥᠷᠥᠯ ᠤᠨ ᠪᠠᠶᠢᠭᠠᠯᠢ ᠶᠢᠨ ᠭᠠᠶ ᠭᠠᠮᠰᠢᠭ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ | ᠲᠤᠰᠠᠯᠠᠬᠤ ᠮᠡᠳᠡᠯᠭᠡ ᠶᠢ ᠤᠬᠠᠭᠤᠯᠤᠨ ᠲᠠᠶᠢᠯᠪᠤᠷᠢᠯᠠᠵᠤ᠂ ᠥᠷᠭᠡᠨ ᠣᠯᠠᠨ ᠲᠦᠮᠡᠨ ᠤ ᠭᠠᠶ ᠭᠠᠮᠰᠢᠭ ᠤᠨ ᠠᠶᠤᠯ | ᠲᠦᠭᠰᠢᠭᠦᠷᠢ ᠶᠢ ᠰᠡᠷᠭᠡᠶᠢᠯᠡᠬᠦ ᠤᠬᠠᠮᠰᠠᠷ᠂ ᠥᠪᠡᠷ ᠢ ᠪᠠᠨ ᠠᠪᠤᠷᠠᠬᠤ ᠪᠠ ᠪᠠᠴᠢᠮ ᠪᠠᠶᠢᠳᠠᠯ ᠢ ᠠᠷᠭᠠᠴᠠᠭᠠᠵᠤ | ᠠᠶᠤᠯ ᠠᠴᠠ ᠵᠠᠶᠢᠯᠠᠬᠤ ᠴᠢᠳᠠᠪᠤᠷᠢ ᠶᠢ ᠳᠡᠭᠡᠭᠰᠢᠯᠡᠭᠦᠯᠵᠦ᠂ ︽ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠳᠤ | ᠬᠥᠮᠦᠨ ᠪᠦᠬᠦᠨ ᠣᠷᠣᠯᠴᠠᠬᠤ︾ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠪᠠ᠃ | ᠳᠠᠷᠠᠭ᠎ᠠ ᠳᠤᠨᠢ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠭᠤᠷᠪᠠᠳᠤᠭᠠᠷ ᠪᠠᠭ᠎ᠠ | ᠰᠤᠷᠭᠠᠭᠤᠯᠢ ᠳᠤ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ | ᠬᠢᠵᠡᠶ᠃ ᠰᠡᠷᠡᠮᠵᠢ ᠶᠢᠨ ᠳᠣᠬᠢᠶ᠎ᠠ ᠲᠤᠤᠭᠠᠷᠮᠠᠭᠴᠠ᠂ ᠪᠥᠬᠦ ᠰᠤᠷᠤᠭᠴᠢ ᠪᠠᠭᠰᠢ ᠨᠠᠷ ᠤᠨ ᠵᠢᠯᠣᠭᠤᠳᠣᠯᠭ᠎ᠠ ᠳᠣᠤᠷ᠎ᠠ | ᠮᠠᠰᠢ ᠲᠦᠷᠭᠡᠨ ᠪᠦᠭᠡᠳ ᠡᠮᠬᠢ ᠵᠢᠷᠤᠮ ᠲᠠᠢ ᠪᠠᠷ᠂ ᠭᠠᠷ ᠢᠶᠠᠷ ᠢᠶᠠᠨ ᠲᠣᠯᠣᠭᠠᠶ ᠪᠠᠨ ᠬᠠᠮᠠᠭᠠᠯᠠᠨ᠂ ᠪᠡᠶ᠎ᠡ ᠪᠠᠨ | ᠪᠥᠬᠦ᠋ᠢᠵᠦ᠂ ᠲᠣᠭᠲᠠᠭᠰᠠᠨ ᠵᠠᠮ ᠱᠤᠭᠤᠮ ᠢᠶᠠᠷ ᠬᠢᠴᠢᠶᠡᠯ ᠤᠨ ᠬᠡᠷ ᠠᠴᠠ ᠲᠤᠳᠠᠭᠠᠵᠤ ᠰᠤᠷᠭᠠᠭᠤᠯᠢ ᠶᠢᠨ ᠲᠠᠮᠢᠷ ᠤᠨ | ᠲᠠᠯᠠᠪᠠᠶ ᠳᠤ ᠤᠴᠢᠪᠠ᠃ ᠤᠯᠠᠨ ᠢ ᠲᠠᠷᠬᠠᠭᠠᠬᠤ ᠶᠠᠪᠤᠴᠠ ᠳᠤ᠂ ᠪᠠᠭᠰᠢ ᠰᠤᠷᠤᠭᠴᠢᠳ ᠯᠠᠪᠳᠠᠭᠤᠨ | ᠲᠣᠭᠲᠠᠭᠤᠨ ᠢᠶᠠᠷ ᠬᠦᠳᠡᠯᠦᠯᠴᠡᠵᠦ ᠡᠮᠬᠢ ᠳᠢᠭᠯᠢᠮ ᠲᠠᠢ ᠪᠠᠶᠢᠯ᠎ᠠ᠃ ᠰᠣᠷᠢᠯᠲᠠ ᠳᠠᠭᠤᠰᠤᠭᠰᠠᠨ ᠤ ᠳᠠᠷᠠᠭ᠎ᠠ᠂ ᠭᠠᠯ | ᠤᠨᠲᠠᠷᠠᠭᠠᠭᠴᠢ ᠠᠴᠠ ᠪᠠᠭᠰᠢ ᠰᠤᠷᠤᠭᠴᠢᠳ ᠲᠤ ᠭᠠᠯ ᠤᠨᠲᠠᠷᠠᠭᠠᠭᠤᠷ ᠢ ᠵᠥᠪ ᠬᠡᠷᠡᠭᠯᠡᠬᠦ ᠠᠷᠭ᠎ᠠ᠂ ᠭᠠᠯ | ᠤᠨᠲᠠᠷᠠᠭᠠᠯᠲᠠ ᠶᠢᠨ ᠡᠬᠢᠨ ᠤ ᠦᠶ᠎ᠡ ᠶᠢᠨ ᠭᠠᠯ ᠤᠨ ᠠᠶᠤᠯ ᠠᠴᠠ ᠠᠪᠤᠷᠠᠬᠤ ᠶᠢᠨ ᠠᠩᠬᠠᠷᠤᠯ ᠤᠨ ᠭᠤᠣᠯᠳᠠᠯᠭ᠎ᠠ | ᠵᠢᠴᠢ ᠠᠮᠢ ᠵᠢᠭᠤᠲᠠᠵᠤ ᠠᠪᠤᠷᠠᠬᠤ ᠪᠣᠳᠠᠲᠤ ᠮᠡᠷᠭᠡᠵᠢᠯ ᠢ ᠲᠠᠶᠢᠯᠪᠤᠷᠢᠯᠠᠨ ᠥᠭᠴᠡᠶ᠃ | ︽ᠠᠵᠢᠯᠯᠠᠭ᠎ᠠ ᠶᠢᠨ ᠵᠣᠷᠢᠯᠭ᠎ᠠ ᠨᠢ ᠥᠷᠭᠡᠨ ᠣᠯᠠᠨ ᠲᠦᠮᠡᠨ ᠤ ᠪᠠᠴᠢᠮ ᠪᠠᠶᠢᠳᠠᠯ ᠢ ᠠᠷᠭᠠᠴᠠᠭᠠᠬᠤ ᠤᠬᠠᠮᠰᠠᠷ | ᠪᠣᠯᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠤᠷᠢᠯᠡᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ | ᠭᠠᠮᠰᠢᠭ ᠡᠭᠦᠰᠬᠦ ᠦᠶ᠎ᠡ ᠳᠤ ᠴᠠᠭ ᠲᠤᠬᠠᠶ ᠳᠤᠨᠢ ᠥᠪᠡᠷ ᠢ ᠪᠠᠨ ᠠᠪᠤᠷᠠᠬᠤ ᠪᠠ ᠬᠠᠷᠢᠯᠴᠠᠨ ᠠᠪᠤᠷᠠᠬᠤ ᠴᠢᠳᠠᠪᠤᠷᠢ ᠶᠢ | ᠳᠡᠭᠡᠭᠰᠢᠯᠡᠬᠦᠯᠬᠦ ᠶᠢᠨ ᠲᠦᠯᠦᠭᠡ ᠶᠤᠮ︾ ᠭᠡᠵᠦ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠪᠠᠴᠢᠮ | ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶᠠᠨ ᠤ ᠳᠠᠷᠤᠭ᠎ᠠ ᠯᠢ ᠭᠤᠸᠠᠩ ᠬᠡᠯᠡᠪᠡ᠃ |