ᠦᠰᠦᠭ ᠪᠢᠴᠢᠭ ᠢᠶᠠᠷ ᠦᠭᠦᠯᠡᠭᠦᠢ᠄  ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ 2025 ᠣᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠵᠦ ᠤᠨᠲᠠᠷᠠᠭᠠᠬᠤ ᠵᠠᠷᠯᠢᠭ ᠤᠨ ᠲᠤᠬᠠᠶ ᠲᠠᠶᠢᠯᠤᠮᠵᠢ
ᠨᠡᠶᠢᠲᠡᠯᠡᠭᠰᠡᠨ ᠴᠠᠭ᠄
2025/5/15
     ᠶᠠᠭᠤ ᠶᠢ ᠣᠶ ᠰᠢᠭᠤᠶ ᠶᠢᠨ ᠭᠠᠯ ᠲᠦᠢᠮᠡᠷ ᠤᠨ ᠠᠶᠤᠯ ᠬᠡᠬᠦ ᠪᠣᠶ︖    ᠤᠢ ᠰᠢᠭᠤᠶ ᠶᠢᠨ ᠭᠠᠯ ᠲᠦᠢᠮᠡᠷ ᠤᠨ ᠠᠶᠤᠯ ᠭᠡᠳᠡᠭ ᠨᠢ ᠬᠥᠮᠦᠨ ᠤ ᠬᠦᠴᠦᠨ ᠤ ᠡᠵᠡᠮᠳᠡᠯ ᠠᠴᠠ ᠬᠡᠳᠦᠷᠡᠵᠦ᠂ ᠤᠢ ᠰᠢᠭᠤᠶ᠂ ᠤᠢ ᠰᠢᠭᠤᠶ ᠶᠢᠨ ᠠᠮᠢ ᠠᠬᠤᠶ ᠶᠢᠨ ᠰᠢᠰᠲ᠋ᠧᠮ ᠪᠣᠯᠤᠨ ᠬᠥᠮᠦᠨ ᠲᠥᠷᠥᠯᠬᠢᠲᠡᠨ ᠳᠤ ᠪᠠᠭ᠎ᠠ ᠪᠤᠰᠤ ᠬᠡᠮᠵᠢᠶᠡᠨ ᠤ ᠬᠤᠣᠷ ᠬᠥᠨᠥᠭᠡᠯ ᠪᠠ ᠬᠤᠬᠢᠷᠠᠯ ᠤᠴᠠᠷᠠᠭᠤᠯᠤᠭᠰᠠᠨ ᠤᠢ ᠰᠢᠭᠤᠶ ᠶᠢᠨ ᠭᠠᠯ ᠲᠦᠢᠮᠡᠷ ᠤᠨ ᠦᠢᠯᠡ ᠠᠵᠢᠯᠯᠠᠭ᠎ᠠ ᠶᠢ ᠵᠢᠭᠠᠵᠤ ᠪᠠᠶᠢᠨ᠎ᠠ᠃ ᠣᠶ ᠰᠢᠭᠤᠶ ᠶᠢᠨ ᠭᠠᠯ ᠲᠦᠢᠮᠡᠷ ᠤᠨ ᠠᠶᠤᠯ ᠤᠨ ᠡᠭᠦᠰᠬᠦ ᠰᠢᠯᠲᠠᠭᠠᠨ ᠨᠢ ᠭᠤᠣᠯᠳᠠᠭᠤ ᠬᠤᠶᠠᠷ ᠶᠡᠭᠡ ᠲᠥᠷᠥᠯ ᠪᠠᠶᠢᠳᠠᠭ᠄ ᠪᠠᠶᠢᠭᠠᠯᠢ ᠶᠢᠨ ᠭᠠᠯ ᠪᠠ ᠬᠦᠮᠦᠰ ᠤᠨ ᠵᠦᠢ ᠪᠤᠰᠤ ᠠᠵᠢᠯᠯᠠᠭ᠎ᠠ ᠠᠴᠠ ᠡᠭᠦᠰᠦᠭᠰᠡᠨ ᠵᠤᠷᠢᠭᠤᠳᠠ ᠶᠢᠨ ᠭᠠᠯ ᠪᠠᠭᠳᠠᠨ᠎ᠠ᠃ ᠪᠠᠶᠢᠭᠠᠯᠢ ᠶᠢᠨ ᠭᠠᠯ ᠳᠤ᠄ ᠠᠶᠤᠩᠭ᠎ᠠ ᠴᠠᠬᠢᠯᠭᠠᠨ ᠤ ᠭᠠᠯ᠂ ᠥᠪᠡᠰᠦᠪᠡᠨ ᠨᠣᠴᠣᠬᠤ ᠵᠡᠷᠭᠡ ᠪᠠᠭᠲᠠᠨ᠎ᠠ᠃ ᠪᠠᠶᠢᠭᠠᠯᠢ ᠶᠢᠨ ᠭᠠᠯ ᠲᠦᠢᠮᠡᠷ ᠠᠴᠠ ᠪᠣᠯᠤᠭᠰᠠᠨ ᠣᠢ ᠰᠢᠭᠤᠶ ᠶᠢᠨ ᠭᠠᠯ ᠲᠦᠢᠮᠡᠷ ᠤᠨ ᠠᠶᠤᠯ ᠨᠢ ᠮᠠᠨ ᠤ ᠤᠯᠤᠰ ᠤᠨ ᠣᠢ ᠰᠢᠭᠤᠶ ᠶᠢᠨ ᠭᠠᠯ ᠲᠦᠢᠮᠡᠷ ᠤᠨ ᠶᠡᠷᠦᠩᠬᠡᠶ ᠲᠣᠭᠠᠨ ᠤ 1% ᠶᠢ ᠡᠵᠡᠯᠡᠨ᠎ᠡ᠃ ᠬᠦᠮᠦᠰ ᠤᠨ ᠵᠦᠢ ᠪᠤᠰᠤ ᠠᠵᠢᠯᠯᠠᠭ᠎ᠠ ᠠᠴᠠ ᠡᠭᠦᠰᠦᠭᠰᠡᠨ ᠵᠣᠷᠢᠭᠤᠳᠠ ᠶᠢᠨ ᠭᠠᠯ ᠳᠤ᠄ ᠲᠠᠷᠢᠶᠠᠯᠠᠩ᠂ ᠤᠢ ᠰᠢᠭᠤᠶ᠂ ᠮᠠᠯ ᠠᠵᠤ ᠠᠬᠤᠶ ᠵᠡᠷᠭᠡ ᠶᠢᠨ ᠦᠢᠯᠡᠳᠪᠦᠷᠢᠯᠡᠯ ᠳᠤ ᠭᠠᠯ ᠬᠡᠷᠡᠭᠯᠡᠬᠦ ᠪᠠ ᠬᠡᠭᠡᠷ᠎ᠡ ᠬᠤᠭᠤᠯᠠᠯᠠᠬᠤ᠂ ᠳᠤᠯᠠᠭᠠᠯᠠᠬᠤ ᠵᠢᠴᠢ ᠬᠡᠬᠡᠷ᠎ᠡ ᠭᠠᠳᠠᠭ᠎ᠠ ᠴᠠᠭᠠᠰᠤ ᠰᠢᠲᠠᠭᠠᠬᠤ᠂ ᠫᠤᠤᠵᠢᠩ ᠤᠨ ᠵᠦᠢᠯᠡᠰ ᠢ ᠲᠠᠯᠪᠢᠬᠤ ᠵᠡᠷᠭᠡ ᠦᠢᠯᠡᠳᠪᠦᠷᠢᠯᠡᠯ ᠤᠨ ᠪᠤᠰᠤ ᠴᠢᠨᠠᠷᠲᠠᠶ ᠭᠠᠯ ᠬᠡᠷᠡᠭᠯᠡᠬᠦ ᠠᠴᠠ ᠡᠭᠦᠰᠦᠭᠰᠡᠨ ᠭᠠᠯ ᠤᠨ ᠠᠶᠤᠯ ᠢ ᠪᠠᠭᠲᠠᠭᠠᠨ᠎ᠠ᠃ ᠮᠠᠨ ᠤ ᠤᠯᠤᠰ ᠤᠨ ᠤᠢ ᠰᠢᠭᠤᠶ ᠶᠢᠨ ᠭᠠᠯ ᠲᠦᠢᠮᠡᠷ ᠤᠨ ᠠᠶᠤᠯ ᠤᠨ ᠳᠤᠮᠳᠠ ᠠᠳᠠᠷ ᠬᠠᠭᠠᠯᠪᠤᠷᠢᠯᠠᠵᠤ ᠠᠳᠠᠷ ᠰᠢᠲᠠᠭᠠᠬᠤ᠂ ᠬᠡᠬᠡᠷ᠎ᠡ ᠭᠠᠳᠠᠭ᠎ᠠ ᠴᠠᠭᠠᠰᠤ ᠰᠢᠲᠠᠭᠠᠬᠤ᠂ ᠲᠠᠮᠠᠬᠢ ᠲᠠᠲᠠᠵᠦ ᠫᠣᠣᠵᠢᠩ ᠲᠠᠯᠪᠢᠬᠤ ᠵᠡᠷᠭᠡ ᠠᠴᠠ ᠪᠣᠯᠤᠭᠰᠠᠨ ᠭᠠᠯ ᠲᠦᠢᠮᠡᠷ ᠤᠨ ᠠᠶᠤᠯ ᠵᠣᠩᠬᠢᠯᠠᠬᠤ ᠤᠯᠠᠨ ᠲᠤᠭ᠎ᠠ ᠶᠢ ᠡᠵᠡᠯᠡᠵᠦ ᠪᠠᠶᠢᠨ᠎ᠠ᠃      ᠭᠠᠯ ᠲᠦᠢᠮᠡᠷ ᠤᠨ ᠠᠶᠤᠯ ᠢ ᠰᠡᠷᠭᠡᠶᠢᠯᠡᠵᠦ ᠪᠠᠴᠢᠮ ᠪᠠᠶᠢᠳᠠᠯ ᠢ ᠠᠷᠭᠠᠴᠠᠭᠠᠬᠤ ᠭᠤᠣᠯᠳᠠᠯᠭ᠎ᠠ᠄    1. ᠣᠶ ᠰᠢᠭᠤᠶ ᠶᠢᠨ ᠭᠠᠯ ᠲᠦᠢᠮᠡᠷ ᠤᠨ ᠠᠶᠤᠯ ᠢ ᠣᠯᠵᠤ ᠮᠡᠳᠡᠪᠡᠯ ᠴᠠᠭ ᠲᠤᠬᠠᠶ ᠳᠤᠨᠢ 12119 ᠳᠤ ᠤᠲᠠᠰᠤᠳᠠᠵᠤ ᠴᠠᠭᠳᠠᠭ᠎ᠠ ᠳᠤ ᠮᠡᠳᠡᠭᠳᠡᠵᠦ᠂ ᠭᠠᠯ ᠭᠠᠷᠤᠭᠰᠠᠨ ᠣᠷᠣᠨ ᠪᠠᠶᠢᠷᠢ᠂ ᠭᠠᠯ ᠤᠨ ᠬᠦᠷᠢᠶ᠎ᠡ ᠬᠡᠪᠴᠢᠶ᠎ᠡ ᠵᠢᠴᠢ ᠰᠢᠳᠠᠭᠠᠭᠳᠠᠭᠰᠠᠨ ᠤᠷᠭᠤᠮᠠᠯ ᠤᠨ ᠬᠤᠴᠢᠯᠭ᠎ᠠ ᠶᠢᠨ ᠲᠥᠷᠥᠯ ᠵᠦᠢᠯ ᠢ ᠣᠨᠣᠪᠴᠢᠲᠠᠶ ᠮᠡᠳᠡᠭᠦᠯᠬᠦ ᠬᠡᠷᠡᠭᠲᠡᠶ᠃    2. ᠣᠶ ᠰᠢᠭᠤᠶ ᠶᠢᠨ ᠭᠠᠯ ᠲᠦᠢᠮᠡᠷ ᠭᠠᠷᠤᠭᠰᠠᠨ ᠢ ᠤᠯᠵᠤ ᠮᠡᠳᠡᠪᠡᠯ᠂ ᠲᠠᠷᠢᠬᠢ ᠲᠣᠯᠣᠭᠠᠶ ᠪᠠᠨ ᠰᠡᠷᠭᠡᠭ ᠪᠠᠶᠢᠯᠭᠠᠬᠤ ᠶᠢᠨ ᠬᠠᠮᠲᠤ ᠠᠶᠤᠯ ᠥᠬᠡᠶ ᠭᠠᠵᠠᠷ ᠵᠦᠭ ᠲᠦᠷᠭᠡᠨ ᠰᠢᠯᠵᠢᠬᠦ ᠬᠡᠷᠡᠭᠲᠡᠶ᠃ ᠭᠠᠯ ᠨᠢᠭᠡᠨᠲᠡ ᠨᠤᠴᠤᠵᠤ ᠬᠦᠭᠵᠢᠭᠰᠡᠨ ᠪᠠᠶᠢᠪᠠᠯ᠂ ᠤᠶᠢᠷ᠎ᠠ ᠤᠷᠴᠢᠨ ᠤ ᠬᠦᠮᠦᠰ ᠡᠷᠬᠡᠪᠰᠢ ᠡᠪᠡᠰᠦ ᠮᠤᠳᠤ ᠰᠡᠶᠢᠷᠡᠭ᠂ ᠭᠠᠵᠠᠷ ᠤᠨ ᠪᠠᠶᠢᠴᠠ ᠲᠡᠭᠰᠢᠬᠡᠨ ᠭᠠᠵᠠᠷ ᠢ ᠰᠣᠩᠭᠤᠵᠤ ᠰᠢᠯᠵᠢᠬᠦ ᠬᠡᠷᠡᠭᠳᠡᠢ᠃ ᠭᠠᠯ ᠤᠨ ᠬᠠᠪᠢ ᠪᠠᠷ ᠥᠩᠭᠡᠷᠡᠬᠦ ᠳᠡᠭᠡᠨ ᠬᠤᠪᠴᠠᠰᠤ ᠬᠤᠨᠠᠷ ᠢᠶᠠᠷ ᠢᠶᠠᠨ ᠲᠣᠯᠣᠭᠠᠶ ᠪᠠᠨ ᠪᠦᠲᠡᠭᠡᠵᠦ᠂ ᠰᠠᠯᠬᠢ ᠰᠥᠷᠥᠨ ᠭᠠᠯ ᠢ ᠲᠦᠷᠭᠡᠨ ᠰᠢᠪᠲᠤᠯᠤᠨ ᠭᠠᠷᠬᠤ ᠬᠡᠷᠡᠭᠳᠡᠢ᠃ ᠬᠠᠷᠢᠨ ᠭᠠᠯ ᠤᠨ ᠡᠮᠦᠨ᠎ᠡ ᠭᠦᠶᠦᠵᠦ ᠰᠠᠯᠬᠢᠨ ᠤ ᠠᠶ᠎ᠠ ᠪᠠᠷ ᠳᠤᠲᠠᠭᠠᠬᠤ ᠶᠢ ᠴᠢᠩᠭ᠎ᠠ ᠴᠡᠭᠡᠷᠯᠡᠬᠦ ᠬᠡᠷᠡᠭᠲᠡᠶ᠃    3. ᠵᠤᠷᠢᠭᠤᠳᠠ ᠭᠠᠯ ᠲᠠᠯᠪᠢᠭᠰᠠᠨ ᠬᠥᠮᠦᠨ ᠢ ᠣᠯᠵᠤ ᠮᠡᠳᠡᠪᠡᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠪᠤᠶᠤ ᠤᠢ ᠰᠢᠭᠤᠶ ᠶᠢᠨ ᠭᠠᠯ ᠲᠦᠢᠮᠡᠷ ᠤᠨ ᠰᠡᠷᠭᠡᠶᠢᠯᠡᠯᠲᠡ ᠶᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠲᠤ ᠳᠠᠷᠤᠶᠢᠬᠠᠨ ᠮᠡᠳᠡᠭᠦᠯᠵᠦ᠂ ᠬᠠᠮᠢᠶ᠎ᠠ ᠪᠥᠬᠦᠢ ᠰᠦᠪᠡᠭᠴᠢ ᠶᠢ ᠬᠠᠩᠭᠠᠬᠤ ᠪᠤᠶᠤ ᠰᠡᠵᠢᠭᠯᠡᠯᠲᠡᠶ ᠡᠲᠡᠭᠡᠳ ᠢ ᠡᠵᠡᠮᠳᠡᠵᠦ ᠪᠠᠷᠢᠪᠴᠢᠯᠠᠬᠤ ᠬᠡᠷᠡᠭᠲᠡᠶ᠃    ᠤᠢ ᠰᠢᠭᠤᠶ ᠶᠢᠨ ᠭᠠᠯ ᠲᠦᠢᠮᠡᠷ ᠢ ᠰᠡᠷᠭᠡᠶᠢᠯᠡᠬᠦ ᠲᠤᠬᠠᠢ ᠠᠷᠪᠠᠨ ᠠᠩᠬᠠᠷᠤᠯ᠄   1. ᠰᠢᠭᠤᠶᠢᠳᠤ ᠤᠷᠤᠨ ᠳᠤ ᠭᠠᠯ ᠤᠨ ᠴᠤᠭ ᠠᠪᠴᠤ ᠣᠷᠣᠵᠤ ᠪᠤᠯᠬᠤ ᠦᠭᠡᠢ᠃    2. ᠰᠢᠭᠤᠶᠢᠲᠤ ᠣᠷᠣᠨ ᠳᠤ ᠲᠠᠮᠠᠬᠢ ᠲᠠᠲᠠᠵᠦ ᠪᠤᠯᠬᠤ ᠦᠭᠡᠢ᠃   3. ᠰᠢᠭᠤᠶᠢᠲᠤ ᠣᠷᠣᠨ ᠳᠤ ᠰᠢᠷᠠᠮᠠᠯ ᠰᠢᠷᠠᠵᠤ ᠪᠤᠯᠬᠤ ᠦᠭᠡᠢ᠃   4. ᠰᠢᠭᠤᠶᠢᠲᠤ ᠣᠷᠣᠨ ᠳᠤ ᠢᠯᠡ ᠭᠠᠯ ᠢᠶᠠᠷ ᠳᠤᠯᠠᠭᠠᠴᠠᠵᠦ ᠪᠤᠯᠬᠤ ᠦᠭᠡᠢ᠃   5.  ᠰᠢᠭᠤᠶᠢᠲᠤ ᠣᠷᠣᠨ ᠳᠤ ᠫᠤᠤᠵᠢᠩ ᠤᠨ ᠵᠦᠢᠯᠡᠰ ᠢ ᠲᠠᠯᠪᠢᠵᠤ ᠪᠤᠯᠬᠤ ᠦᠭᠡᠢ᠃   6. ᠰᠢᠭᠤᠶᠢᠲᠤ ᠣᠷᠣᠨ ᠳᠤ ᠵᠥᠪᠰᠢᠶᠡᠷᠡᠯ ᠦᠭᠡᠢ ᠪᠠᠷ ᠪᠠᠷᠢᠯᠭ᠎ᠠ ᠪᠠᠷᠢᠵᠤ ᠭᠠᠯ ᠬᠡᠷᠡᠭᠯᠡᠵᠦ ᠪᠣᠯᠬᠤ ᠦᠭᠡᠢ᠃   7. ᠰᠢᠭᠤᠶᠢᠲᠤ ᠣᠷᠣᠨ ᠳᠤ ᠬᠦᠵᠢ ᠠᠰᠠᠭᠠᠵᠤ ᠴᠠᠭᠠᠰᠤ ᠰᠢᠲᠠᠭᠠᠵᠦ ᠪᠤᠯᠬᠤ ᠦᠭᠡᠢ᠃   8.  ᠰᠢᠭᠤᠶᠢᠲᠤ ᠣᠷᠣᠨ ᠳᠤ ᠲᠠᠮᠠᠬᠢᠨ ᠶᠤᠵᠤᠭᠤᠷ ᠢᠶᠠᠨ ᠲᠤᠷ᠎ᠠ ᠪᠠᠷ ᠬᠠᠶᠠᠵᠤ ᠪᠤᠯᠬᠤ ᠦᠭᠡᠢ᠃   9.  ᠰᠢᠭᠤᠶᠢᠲᠤ ᠣᠷᠣᠨ ᠳᠤ ᠭᠠᠯ ᠢᠶᠠᠷ ᠨᠠᠭᠠᠳᠴᠤ ᠪᠤᠯᠬᠤ ᠦᠭᠡᠢ᠃  10.  ᠰᠢᠭᠤᠶᠢᠲᠤ ᠣᠷᠣᠨ ᠳᠤ ᠲᠣᠭᠲᠠᠭᠠᠯ ᠠᠴᠠ ᠵᠥᠷᠢᠴᠡᠨ ᠴᠠᠬᠢᠯᠭᠠᠨ ᠬᠦᠴᠦᠨ ᠤ ᠲᠥᠬᠦᠭᠡᠷᠦᠮᠵᠢ ᠶᠢ ᠵᠠᠯᠭᠠᠨ ᠬᠡᠷᠡᠭᠯᠡᠵᠦ ᠪᠣᠯᠬᠤ ᠦᠭᠡᠢ᠃    ᠭᠠᠯ ᠰᠡᠷᠭᠡᠶᠢᠯᠡᠬᠦ ᠬᠤᠭᠤᠴᠠᠭ᠎ᠠ ᠪᠠ ᠴᠢᠩᠭ᠎ᠠ ᠰᠡᠷᠭᠡᠶᠢᠯᠡᠯᠲᠡ ᠶᠢᠨ ᠵᠠᠬᠢᠷᠤᠨ ᠬᠠᠮᠢᠶᠠᠷᠬᠤ ᠬᠤᠭᠤᠴᠠᠭ᠎ᠠ᠄    1.ᠭᠠᠯ ᠰᠡᠷᠭᠡᠶᠢᠯᠡᠬᠦ ᠬᠤᠭᠤᠴᠠᠭ᠎ᠠ᠄     ᠵᠢᠯ ᠪᠦᠷᠢ ᠶᠢᠨ ᠬᠠᠪᠤᠷ ᠤᠨ ᠤᠯᠠᠷᠢᠯ ᠤᠨ 3 ᠰᠠᠷ᠎ᠠ ᠶᠢᠨ 15 ᠤ ᠡᠳᠦᠷ ᠠᠴᠠ 6 ᠰᠠᠷ᠎ᠠ ᠶᠢᠨ 15 ᠤ ᠡᠳᠦᠷ ᠪᠣᠯᠲᠠᠯ᠎ᠠ ᠶᠠᠪᠤᠭᠳᠠᠨ᠎ᠠ᠃      ᠵᠢᠯ ᠪᠦᠷᠢ ᠶᠢᠨ ᠨᠠᠮᠤᠷ ᠤᠨ ᠤᠯᠠᠷᠢᠯ ᠤᠨ 9 ᠰᠠᠷ᠎ᠠ ᠶᠢᠨ 15 ᠤ ᠡᠳᠦᠷ ᠠᠴᠠ 11 ᠰᠠᠷ᠎ᠠ ᠶᠢᠨ 15 ᠤ ᠡᠳᠦᠷ ᠪᠣᠯᠲᠠᠯ᠎ᠠ ᠶᠠᠪᠤᠭᠳᠠᠨ᠎ᠠ᠃    2. ᠭᠠᠯ ᠰᠡᠷᠭᠡᠶᠢᠯᠡᠵᠦ ᠤᠨᠲᠠᠷᠠᠭᠠᠬᠤ ᠴᠢᠩᠭ᠎ᠠ ᠰᠡᠷᠭᠡᠶᠢᠯᠡᠯᠲᠡ ᠶᠢᠨ ᠵᠠᠬᠢᠷᠤᠨ ᠬᠠᠮᠢᠶᠠᠷᠬᠤ ᠬᠤᠭᠤᠴᠠᠭ᠎ᠠ᠄    ᠵᠢᠯ ᠪᠦᠷᠢ ᠶᠢᠨ ᠬᠠᠪᠤᠷ ᠤᠨ ᠤᠯᠠᠷᠢᠯ ᠤᠨ 4 ᠰᠠᠷ᠎ᠠ ᠶᠢᠨ 1 ᠤ ᠡᠳᠦᠷ ᠠᠴᠠ 5 ᠰᠠᠷ᠎ᠠ ᠶᠢᠨ 31 ᠤ ᠡᠳᠦᠷ ᠪᠤᠯᠳᠠᠯ᠎ᠠ ᠶᠠᠪᠤᠭᠳᠠᠨ᠎ᠠ᠃    ᠵᠢᠯ ᠪᠦᠷᠢ ᠶᠢᠨ ᠨᠠᠮᠤᠷ ᠤᠨ ᠤᠯᠠᠷᠢᠯ ᠤᠨ 10 ᠰᠠᠷ᠎ᠠ ᠶᠢᠨ 1 ᠤ ᠡᠳᠦᠷ ᠠᠴᠠ 10 ᠰᠠᠷ᠎ᠠ ᠶᠢᠨ 31 ᠤ ᠡᠳᠦᠷ ᠪᠤᠯᠳᠠᠯ᠎ᠠ ᠶᠠᠪᠤᠭᠳᠠᠨ᠎ᠠ᠃    ᠭᠠᠯ ᠲᠦᠢᠮᠡᠷ ᠤᠨ ᠠᠶᠤᠯ ᠢ ᠴᠠᠭᠳᠠᠭ᠎ᠠ ᠳᠤ ᠮᠡᠳᠡᠬᠦᠯᠬᠦ ᠤᠳᠠᠰᠤ᠄    ᠬᠤᠰᠢᠭᠤᠨ ᠤ ᠣᠶ ᠰᠢᠭᠤᠶ ᠨᠤᠳᠤᠭ ᠪᠡᠯᠴᠢᠭᠡᠷ ᠤᠨ ᠲᠣᠪᠴᠢᠶ᠎ᠠ᠄ 0482 — 8399816 ᠪᠤᠯᠤᠨ᠎ᠠ᠃    ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠲᠣᠪᠴᠢᠶ᠎ᠠ᠄ 0482 — 8393199 ᠪᠤᠯᠤᠨ᠎ᠠ᠃    ᠣᠶ ᠰᠢᠭᠤᠶ ᠶᠢᠨ ᠭᠠᠯ ᠲᠦᠢᠮᠡᠷ ᠤᠨ ᠴᠠᠭᠳᠠᠭ᠎ᠠ ᠳᠤ ᠮᠡᠳᠡᠬᠦᠯᠬᠦ ᠤᠳᠠᠰᠤ᠄ 0482 — 12119 ᠪᠤᠯᠤᠨ᠎ᠠ᠃    ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠄ 0482 — 110 ᠪᠤᠯᠤᠨ᠎ᠠ᠃ 
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号