| 5 ᠰᠠᠷ᠎ᠠ ᠶᠢᠨ 14 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ | ᠤᠬᠠᠭᠤᠯᠬᠤ ᠬᠡᠯᠲᠡᠰ᠂ ᠡᠪ ᠬᠠᠮᠲᠤ ᠵᠠᠯᠠᠭᠤᠴᠤᠳ ᠤᠨ ᠡᠪᠯᠡᠯ ᠤᠨ ᠬᠤᠷᠴᠢᠨ ᠪᠠᠷᠠᠭᠤᠨ ᠭᠠᠷᠤᠨ ᠡᠮᠦᠨᠡᠲᠦ | ᠬᠤᠰᠢᠭᠤᠨ ᠤ ᠬᠤᠷᠢᠶ᠎ᠠ᠂ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ᠂ | ᠬᠤᠰᠢᠭᠤᠨ ᠤ ᠨᠠᠮ ᠤᠨ ᠬᠤᠷᠢᠶᠠᠨ ᠤ ᠯᠧᠺᠲ᠋ᠣᠷ ᠤᠨ ᠪᠦᠯᠬᠦᠮ ᠬᠠᠮᠲᠤᠷᠠᠨ ︽ᠬᠢᠩᠭᠠᠨ ᠳᠠᠪᠠᠭᠠᠨ ᠳᠠᠬᠢ ᠬᠢᠩᠭᠠᠨ | ᠠᠶᠢᠮᠠᠭ︾ ᠤᠨ ᠳᠥᠷᠪᠡᠳᠦᠭᠡᠷ ᠬᠤᠭᠤᠴᠠᠭᠠᠨ ᠤ ᠣᠨᠣᠯ ᠤᠨ ᠤᠬᠠᠭᠤᠯᠤᠨ ᠲᠠᠶᠢᠯᠪᠤᠷᠢᠯᠠᠬᠤ ᠵᠢᠴᠢ ᠰᠢᠨ᠎ᠡ ᠴᠠᠭ | ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠤᠬᠠᠭᠤᠯᠤᠨ ᠲᠠᠶᠢᠯᠪᠤᠷᠢᠯᠠᠬᠤ ᠤᠷᠤᠯᠳᠤᠭᠠᠨ ᠤ ᠬᠤᠷᠴᠢᠨ ᠪᠠᠷᠠᠭᠤᠨ | ᠭᠠᠷᠤᠨ ᠡᠮᠦᠨᠡᠲᠦ ᠬᠤᠰᠢᠭᠤᠨ ᠤ ᠠᠩᠬᠠᠨ ᠤ ᠤᠷᠤᠯᠳᠤᠭᠠᠨ ᠢ ᠡᠷᠭᠢᠯᠡᠵᠦ᠂ ᠪᠥᠬᠦ ᠬᠤᠰᠢᠭᠤᠨ ᠤ ᠡᠯ᠎ᠡ ᠹᠷᠣᠨᠲ ᠤᠨ | 15 ᠤᠬᠠᠭᠤᠯᠤᠨ ᠲᠠᠶᠢᠯᠪᠤᠷᠢᠯᠠᠭᠴᠢ ᠤᠷᠤᠯᠴᠠᠪᠠ᠃ | ᠲᠤᠰ ᠤᠳᠠᠭ᠎ᠠ ᠶᠢᠨ ᠤᠷᠤᠯᠳᠤᠭᠠᠨ ᠳᠤ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠪᠠ ᠠᠰᠠᠭᠤᠯᠲᠠ | ᠬᠠᠷᠢᠭᠤᠯᠲᠠ ᠶᠢᠨ ᠭᠤᠭᠴᠤᠭ᠎ᠠ ᠶᠢ ᠲᠤᠬᠢᠷᠠᠭᠤᠯᠪᠠ᠃ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠯᠲᠠ ᠳᠤᠮᠳᠠ᠂ | ᠤᠷᠤᠯᠴᠠᠭᠴᠢ ᠨᠠᠷ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ | ᠨᠡᠶᠢᠭᠡᠮ ᠵᠢᠷᠤᠮ ᠤᠨ ᠦᠵᠡᠯ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ | ᠲᠤᠰᠢᠶᠠᠭᠰᠠᠨ ︽ᠲᠠᠪᠤᠨ ᠶᠡᠭᠡ ᠡᠭᠦᠷᠭᠡ︾ ᠪᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠳᠤ ᠴᠤᠭᠴᠠᠯᠠᠬᠤ ᠵᠡᠷᠭᠡ ᠭᠤᠣᠯ ᠰᠡᠳᠦᠪ ᠤᠨ ᠲᠤᠭᠤᠷᠢᠨ ᠳᠤ᠂ ︽ᠤᠬᠠᠭᠤᠯᠤᠨ ᠲᠠᠶᠢᠯᠪᠤᠷᠢᠯᠠᠬᠤ + | ᠸᠢᠳᠢᠣ᠋︾᠂ ︽ᠤᠬᠠᠭᠤᠯᠤᠨ ᠲᠠᠶᠢᠯᠪᠤᠷᠢᠯᠠᠬᠤ + ᠴᠠᠷᠭᠢᠯ ᠬᠤᠯᠪᠣᠭ᠎ᠠ︾᠂ ︽ᠤᠬᠠᠭᠤᠯᠤᠨ ᠲᠠᠶᠢᠯᠪᠤᠷᠢᠯᠠᠬᠤ + | ᠦᠵᠡᠭᠳᠡᠯᠲᠦ ᠵᠦᠴᠦᠭᠡ︾᠂ ︽ᠤᠬᠠᠭᠤᠯᠤᠨ ᠲᠠᠶᠢᠯᠪᠤᠷᠢᠯᠠᠬᠤ + ᠪᠡᠯᠡᠨ ᠶᠠᠷᠢᠯᠴᠠᠭ᠎ᠠ︾ ᠵᠡᠷᠭᠡ ᠬᠡᠯᠪᠡᠷᠢ ᠪᠠᠷ᠂ | ᠣᠶᠢᠯᠠᠭᠠᠮᠵᠢᠲᠠᠢ ᠪᠥᠭᠡᠳ ᠰᠣᠨᠢᠷᠬᠠᠯᠲᠠᠢ ᠦᠭᠡ ᠬᠡᠯᠡᠯᠭᠡ ᠪᠠᠷ ᠨᠠᠮ ᠤᠨ ᠤᠨᠤᠯ ᠤᠨ ᠰᠢᠨ᠎ᠡ ᠶᠢ ᠡᠭᠦᠳᠬᠦ ᠶᠢ | ᠠᠮᠢᠳᠤᠯᠢᠭ ᠢᠶᠠᠷ ᠢᠯᠡᠷᠡᠭᠦᠯᠵᠦ᠂ ᠤᠨᠤᠯ ᠤᠨ ᠤᠬᠠᠭᠤᠯᠤᠨ ᠲᠠᠶᠢᠯᠪᠤᠷᠢᠯᠠᠬᠤ ᠶᠢᠨ ᠲᠠᠲᠠᠬᠤ ᠬᠦᠴᠦᠨ᠂ ᠨᠥᠯᠥᠭᠡᠯᠡᠬᠦ | ᠬᠦᠴᠦᠨ ᠢ ᠤᠯᠠᠮ ᠴᠢᠨᠠᠭᠰᠢᠳᠠ ᠴᠢᠩᠭᠠᠳᠬᠠᠵᠠᠢ᠃ ᠠᠰᠠᠭᠤᠯᠲᠠ ᠬᠠᠷᠢᠭᠤᠯᠲᠠ ᠶᠢᠨ ᠭᠤᠭᠴᠤᠭ᠎ᠠ ᠳᠤ᠂ | ᠤᠷᠤᠯᠴᠠᠭᠴᠢ ᠨᠠᠷ ᠳᠡᠰ ᠳᠠᠷᠠᠭ᠎ᠠ ᠲᠠᠢ ᠪᠠᠷ ᠲᠠᠶᠢᠰᠠᠨ ᠳᠤ ᠭᠠᠷᠴᠤ᠂ ᠯᠠᠪᠳᠠᠭᠤᠨ ᠢᠶᠠᠷ ᠬᠠᠷᠢᠭᠤᠯᠵᠤ᠂ ᠯᠠᠪᠳᠠᠭᠤᠨ | ᠪᠠᠲᠤᠲᠠᠢ ᠤᠨᠤᠯ ᠤᠨ ᠰᠠᠭᠤᠷᠢ ᠪᠣᠯᠤᠨ ᠰᠠᠶᠢᠨ ᠰᠠᠶᠢᠬᠠᠨ ᠠᠷᠭᠠᠴᠠᠭᠠᠬᠤ ᠴᠢᠳᠠᠪᠤᠷᠢ ᠪᠠᠨ ᠭᠦᠢᠴᠡᠳ ᠢᠯᠡᠷᠡᠭᠦᠯᠪᠡ᠃ | ᠣᠶᠢᠯᠠᠭᠠᠭᠰᠠᠨ ᠢᠶᠠᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠢᠨ ᠤᠬᠠᠭᠤᠯᠤᠨ | ᠲᠠᠶᠢᠯᠪᠤᠷᠢᠯᠠᠬᠤ ᠰᠢᠯᠢᠳᠡᠭ ᠴᠢᠳᠠᠪᠤᠷᠢᠲᠠᠨ ᠢ ᠭᠦᠨᠵᠡᠭᠡᠶ ᠠᠭᠤᠳᠠᠯᠵᠤ᠂ ᠰᠣᠳᠣᠨ ᠤᠬᠠᠭᠤᠯᠤᠨ ᠲᠠᠶᠢᠯᠪᠤᠷᠢᠯᠠᠬᠤ | ᠡᠩᠨᠡᠭᠡ ᠶᠢ ᠪᠠᠶᠢᠭᠤᠯᠤᠨ᠂ ᠣᠨᠣᠯ ᠤᠨ ᠤᠬᠠᠭᠤᠯᠤᠨ ᠲᠠᠶᠢᠯᠪᠤᠷᠢᠯᠠᠯᠲᠠ ᠶᠢ ᠦᠨᠳᠦᠰᠦᠨ ᠱᠠᠲᠤᠨ ᠳᠤ᠂ ᠣᠯᠠᠨ | ᠲᠦᠮᠡᠨ ᠳᠤ ᠬᠦᠷᠭᠡᠬᠦ ᠶᠢᠨ ᠬᠠᠮᠲᠤ ᠲᠤᠷᠰᠢᠯᠭ᠎ᠠ ᠪᠠᠨ ᠳ᠋ᠦᠩᠨᠡᠨ ᠲᠣᠭᠲᠠᠴᠠ ᠪᠠᠨ ᠲᠡᠭᠦᠯᠳᠡᠷᠵᠢᠭᠦᠯᠵᠦ᠂ ᠨᠠᠮ ᠤᠨ | ᠰᠢᠨ᠎ᠡ ᠶᠢ ᠡᠭᠦᠳᠬᠦ ᠣᠨᠣᠯ ᠢ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠳᠤ ᠦᠨᠳᠦᠰᠦᠯᠡᠭᠦᠯᠵᠦ᠂ ᠪᠥᠬᠦ | ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠲᠡᠶ ᠦᠵᠡᠯ ᠰᠠᠨᠠᠭᠠᠨ ᠤ | ᠬᠥᠳᠡᠯᠭᠡᠬᠦ ᠬᠦᠴᠦᠨ ᠨᠡᠮᠡᠷᠢᠯᠡᠨ᠎ᠡ᠃ | |