| 5 ᠰᠠᠷ᠎ᠠ ᠶᠢᠨ 12 ᠤᠨ ᠡᠳᠦᠷ ᠠᠴᠠ 5 ᠰᠠᠷ᠎ᠠ ᠶᠢᠨ 15 ᠤ ᠡᠳᠦᠷ ᠪᠣᠯᠲᠠᠯ᠎ᠠ᠂ ᠬᠢᠩᠭᠠᠨ ᠠᠶᠢᠮᠠᠭ ᠤᠨ | ᠵᠠᠬᠢᠷᠭ᠎ᠠ ᠶᠢᠨ ᠳᠡᠳ᠋ ᠳᠠᠷᠤᠭ᠎ᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶ᠎ᠠ ᠶᠢᠨ | ᠱᠦᠵᠢ ᠰᠦᠨ ᠱᠦ ᠲᠤᠤ ᠪᠦᠯᠬᠦᠮ ᠳᠠᠭᠠᠭᠤᠯᠤᠨ᠂ ᠤᠷᠢᠳ ᠬᠤᠵᠢᠳ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠤᠬᠠᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ | ᠪᠡᠶ᠎ᠡ ᠶᠢᠨ ᠲᠠᠮᠢᠷ ᠤᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ | ᠪᠠᠶᠠᠯᠢᠭ ᠤᠨ ᠲᠢᠩᠬᠢᠮ᠂ ᠷᠠᠳᠢᠣ᠋ ᠲᠧᠯᠸᠢᠰ ᠤᠨ ᠺᠣᠮᠫᠠᠨᠢ᠂ ᠰᠣᠶᠣᠯ ᠵᠢᠭᠤᠯᠴᠢᠯᠠᠯ ᠤᠨ ᠲᠢᠩᠬᠢᠮ᠂ ᠲᠠᠷᠢᠶᠠᠯᠠᠩ ᠮᠠᠯ | ᠠᠵᠤ ᠠᠬᠤᠶ ᠶᠢᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠪᠣᠭᠤᠮᠲᠠ ᠶᠢᠨ ᠠᠯᠪᠠᠨ ᠬᠡᠷ᠂ | ᠠᠷᠠᠯᠵᠢᠶ᠎ᠠ ᠶᠢ ᠠᠬᠢᠭᠤᠯᠬᠤ ᠨᠡᠶᠢᠭᠡᠮᠯᠢᠭ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠵᠡᠷᠭᠡ | ᠣᠷᠣᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠪᠠᠶᠢᠭᠤᠯᠭ᠎ᠠ ᠨᠢᠭᠡᠴᠢ ᠪᠠᠷ ᠬᠦᠷᠴᠦ ᠪᠠᠶᠢᠴᠠᠭᠠᠨ ᠰᠤᠳᠤᠯᠪᠠ᠃ | ᠪᠠᠶᠢᠴᠠᠭᠠᠨ ᠰᠤᠳᠤᠯᠬᠤ ᠶᠠᠪᠤᠴᠠ ᠳᠤ᠂ ᠰᠦᠨ ᠱᠤ᠋ ᠲᠤᠤ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠶ | ᠲᠢᠩᠬᠢᠮ ᠲᠣᠪᠴᠢᠶ᠎ᠠ ᠪᠠᠶᠢᠭᠤᠯᠭ᠎ᠠ ᠨᠢᠭᠡᠴᠢ ᠶᠢᠨ ᠣᠷᠳᠣ ᠬᠤᠭᠤᠴᠠᠭᠠᠨ ᠤ ᠲᠤᠷᠰᠢ ᠬᠤᠷᠴᠢᠨ ᠪᠠᠷᠠᠭᠤᠨ ᠭᠠᠷᠤᠨ | ᠡᠮᠦᠨᠡᠲᠦ ᠬᠤᠰᠢᠭᠤ ᠶᠢ ᠬᠠᠯᠠᠮᠵᠢᠯᠠᠨ ᠳᠡᠮᠵᠢᠭᠰᠡᠨ ᠳᠤ ᠲᠠᠯᠠᠷᠬᠠᠵᠤ ᠪᠠᠶᠢᠬᠤ ᠰᠡᠳᠭᠢᠯᠭᠡ ᠪᠠᠨ ᠢᠯᠡᠳᠬᠡᠪᠡ᠃ ᠲᠡᠷᠡ᠂ | ᠣᠳᠣᠬᠠᠨ ᠳᠤ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠶᠠᠭ ᠨᠢᠭᠡᠨ ᠭᠤᠤᠯ ᠰᠢᠵᠢᠮ ᠢ ᠪᠥᠬᠦ ᠲᠠᠯ᠎ᠠ ᠪᠠᠷ | ᠲᠤᠭᠤᠰᠢᠯᠠᠭᠤᠯᠵᠤ ᠪᠠᠶᠢᠨ᠎ᠠ᠂ ︽ᠬᠤᠶᠠᠷ ᠶᠡᠭᠡ ᠶᠠᠪᠤᠳᠠᠯ︾ ᠢ ᠦᠷᠭᠦᠯᠵᠢᠯᠡᠨ ᠰᠠᠶᠢᠲᠤᠷ ᠬᠢᠵᠦ᠂ ︽ᠵᠢᠷᠭᠤᠭᠠᠨ | ᠢᠨᠵᠧᠨᠧᠷᠢᠩ︾ ᠢ ᠦᠷᠭᠦᠯᠵᠢᠯᠡᠨ ᠬᠡᠷᠡᠭᠵᠢᠭᠦᠯᠵᠦ᠂ ︽ᠵᠢᠷᠭᠤᠭᠠᠨ ᠠᠵᠢᠯᠯᠠᠭ᠎ᠠ︾ ᠶᠢ ᠵᠣᠬᠢᠶᠠᠨ ᠪᠠᠶᠢᠭᠤᠯᠤᠨ | ᠥᠷᠨᠢᠭᠦᠯᠵᠦ᠂ ᠮᠣᠩᠭᠤᠯ ᠮᠣᠷᠢᠨ ᠤ ᠵᠣᠷᠢᠭ ᠰᠠᠨᠠᠭ᠎ᠠ ᠪᠠᠷ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ | ᠬᠥᠭᠵᠢᠯᠲᠡ ᠶᠢ ᠯᠠᠪᠳᠠᠭᠤᠨ ᠢᠶᠠᠷ ᠠᠬᠢᠭᠤᠯᠬᠤ ᠵᠠᠩᠭᠢᠯᠠᠭ᠎ᠠ ᠶᠢᠨ ᠬᠤᠭᠤᠴᠠᠭᠠᠨ ᠳᠤ ᠪᠥᠬᠦ ᠬᠤᠰᠢᠭᠤᠨ ᠤ ᠠᠵᠤ | ᠠᠬᠤᠶ ᠶᠢᠨ ᠠᠵᠢᠯᠯᠠᠭᠠᠨ ᠲᠣᠭᠲᠠᠭᠤᠨ ᠪᠠᠶᠢᠬᠤ ᠶᠢ ᠪᠠᠲᠤᠯᠠᠵᠤ᠂ ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ ᠡᠮᠬᠢ ᠵᠢᠷᠤᠮ ᠲᠠᠢ ᠠᠭᠢᠵᠤ᠂ ᠡᠯ᠎ᠡ ᠵᠦᠢᠯ ᠤᠨ ᠠᠵᠢᠯ ᠮᠠᠰᠢ ᠰᠠᠶᠢᠨ ᠶᠠᠪᠤᠭᠳᠠᠵᠤ ᠪᠠᠶᠢᠨ᠎ᠠ᠃ | ᠢᠯᠠᠩᠭᠤᠶ᠎ᠠ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠶᠢᠨ ᠪᠠᠲᠤ ᠴᠢᠩᠭ᠎ᠠ ᠤᠳᠤᠷᠢᠳᠤᠯᠭ᠎ᠠ | ᠳᠣᠤᠷ᠎ᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠣᠶᠢᠷ᠎ᠠ ᠶᠢᠨ ᠬᠤᠭᠤᠴᠠᠭᠠᠨ ᠳᠤ ᠪᠥᠬᠦ ᠠᠶᠢᠮᠠᠭ ᠤᠨ | ︽ᠭᠤᠷᠪᠠᠨ ᠨᠠᠷᠢᠨ ᠲᠠᠩᠰᠠ︾ ᠶᠢᠨ ᠲᠤᠰᠢᠶᠠᠯ ᠤᠨ ᠮᠡᠳᠡᠭᠦᠯᠦᠯᠲᠡ ᠶᠢᠨ ᠶᠡᠷᠦᠩᠬᠡᠶᠢᠯᠡᠭᠰᠡᠨ ᠨᠡᠷᠡᠰ ᠤᠨ | ᠵᠢᠭᠰᠠᠭᠠᠯᠲᠠ ᠳᠤ ᠨᠢᠭᠡᠳᠦᠭᠡᠷ ᠲᠤ ᠵᠢᠭᠰᠠᠭᠠᠭᠳᠠᠭᠰᠠᠨ ᠲᠡᠤᠬᠡ ᠶᠢᠨ ᠬᠠᠮᠤᠭ ᠤᠨ ᠰᠠᠶᠢᠨ ᠬᠢᠷᠢ ᠪᠦᠲᠦᠮᠵᠢ ᠶᠢ | ᠣᠯᠤᠭᠰᠠᠨ ᠪᠠᠶᠢᠨ᠎ᠠ᠂ ᠡᠨᠡ ᠨᠢ ᠥᠪᠡᠷᠲᠡᠭᠡᠨ ᠵᠠᠰᠠᠬᠤ ᠣᠷᠣᠨ ᠤ ᠲᠢᠩᠬᠢᠮ ᠲᠣᠪᠴᠢᠶ᠎ᠠ ᠪᠠᠶᠢᠭᠤᠯᠭ᠎ᠠ ᠨᠢᠭᠡᠴᠢ ᠶᠢᠨ | ᠬᠦᠴᠦᠲᠡᠶ ᠳᠡᠮᠵᠢᠯᠭᠡ ᠠᠴᠠ ᠰᠠᠯᠵᠤ ᠴᠢᠳᠠᠬᠤ ᠥᠬᠡᠶ ᠶᠤᠮ᠃ ᠬᠤᠶᠢᠰᠢᠳᠠ ᠶᠢᠨ ᠠᠵᠢᠯ ᠤᠨ ᠳᠤᠮᠳᠠ᠂ | ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠭᠦᠢ ᠲᠢᠩᠬᠢᠮ ᠲᠣᠪᠴᠢᠶ᠎ᠠ ᠠᠴᠠ ᠰᠤᠷᠭᠠᠭᠤᠯᠢ ᠶᠢᠨ ᠬᠦᠷᠢᠶᠡᠨ ᠤ | ᠰᠠᠭᠤᠷᠢ ᠲᠥᠬᠦᠭᠡᠷᠦᠮᠵᠢ ᠶᠢᠨ ᠪᠦᠳᠤᠭᠡᠨ ᠪᠠᠶᠢᠭᠤᠯᠤᠯᠲᠠ᠂ ᠴᠢᠬᠤᠯᠠ ᠶᠡᠭᠡ ᠲᠦᠷᠤᠯ ᠵᠦᠢᠯ ᠢ ᠭᠤᠶᠤᠴᠢᠯᠠᠨ | ᠮᠡᠳᠡᠭᠦᠯᠬᠦ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ᠂ ᠰᠣᠶᠣᠯ ᠵᠢᠭᠤᠯᠴᠢᠯᠠᠯ ᠪᠠ ᠲᠠᠷᠢᠶᠠᠯᠠᠩ ᠮᠠᠯ ᠠᠵᠤ | ᠠᠬᠤᠶ ᠶᠢᠨ ᠦᠢᠯᠡᠰ ᠤᠨ ᠬᠥᠭᠵᠢᠯᠲᠡ᠂ ᠲᠠᠷᠢᠶᠠᠯᠠᠩ ᠤᠨ ᠪᠦᠳᠦᠭᠡᠭᠳᠡᠬᠦᠨ ᠮᠠᠯ ᠤᠨ ᠠᠰᠢᠭ ᠰᠢᠮ᠎ᠡ ᠶᠢᠨ | ᠪᠣᠷᠣᠯᠠᠭᠤᠯᠭ᠎ᠠ ᠵᠡᠷᠭᠡ ᠲᠠᠯ᠎ᠠ ᠪᠠᠷ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠳᠤ ᠨᠡᠩ ᠤᠯᠠᠨ | ᠵᠢᠯᠤᠭᠤᠳᠤᠯᠭ᠎ᠠ ᠪᠠ ᠬᠠᠪᠰᠤᠷᠤᠯᠭ᠎ᠠ ᠦᠵᠡᠭᠦᠯᠬᠦ ᠶᠢ ᠴᠢᠩ ᠰᠡᠳᠬᠢᠯ ᠠᠴᠠ ᠪᠠᠨ ᠬᠦᠰᠡᠵᠦ ᠪᠠᠶᠢᠨ᠎ᠠ ᠭᠡᠵᠡᠢ᠃ | ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠶ ᠲᠢᠩᠬᠢᠮ ᠲᠣᠪᠴᠢᠶ᠎ᠠ ᠪᠠᠶᠢᠭᠤᠯᠭ᠎ᠠ ᠨᠢᠭᠡᠴᠢ ᠶᠢᠨ | ᠬᠠᠷᠢᠭᠤᠴᠠᠯᠭᠠᠲᠠᠨ ᠣᠶᠢᠷ᠎ᠠ ᠶᠢᠨ ᠵᠢᠯ ᠠᠴᠠ ᠨᠠᠰᠢᠬᠢ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠡᠯ᠎ᠡ | ᠵᠦᠢᠯ ᠤᠨ ᠠᠵᠢᠯ ᠦᠢᠯᠡᠰ ᠤᠨ ᠬᠥᠭᠵᠢᠯᠲᠡ ᠳᠤ ᠣᠯᠤᠭᠰᠠᠨ ᠠᠮᠵᠢᠯᠲᠠ ᠶᠢ ᠨᠤᠲᠠᠯᠠᠵᠤ᠂ ᠰᠠᠯᠠᠭ᠎ᠠ ᠮᠥᠴᠢᠷ ᠤᠨ | ᠡᠭᠦᠷᠭᠡ ᠬᠠᠷᠢᠭᠤᠴᠠᠯᠭ᠎ᠠ ᠳᠠᠭᠠᠨ ᠰᠠᠭᠤᠷᠢᠯᠠᠨ᠂ ᠬᠠᠷᠠᠯᠲᠠ ᠶᠢᠨ ᠤᠳᠤᠷᠢᠳᠤᠮᠵᠢ ᠶᠢ ᠪᠠᠷᠢᠮᠲᠠᠯᠠᠵᠤ᠂ ᠬᠤᠷᠴᠢᠨ | ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠵᠢᠯᠲᠠᠨ ᠯᠤᠭ᠎ᠠ ᠶᠢᠨ ᠶᠠᠪᠤᠯᠴᠠᠭ᠎ᠠ᠂ ᠠᠵᠢᠯ ᠤᠨ ᠬᠠᠷᠢᠯᠴᠠᠭ᠎ᠠ᠂ | ᠮᠡᠳᠡᠭᠡ ᠵᠠᠩᠭᠢ ᠶᠢᠨ ᠨᠡᠪᠳᠡᠷᠡᠯᠴᠡᠭᠡ ᠪᠠᠨ ᠲᠠᠰᠤᠷᠠᠯᠲᠠ ᠥᠬᠡᠶ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠯ᠎ᠡ ᠵᠦᠢᠯ ᠤᠨ ᠠᠵᠢᠯ ᠤᠨ ᠪᠠᠶᠢᠷᠢᠯᠠᠭᠤᠯᠤᠯᠲᠠ ᠶᠢ ᠬᠠᠮᠲᠤᠪᠠᠷ | ᠰᠠᠶᠢᠲᠤᠷ ᠪᠡᠶᠡᠯᠡᠭᠦᠯᠦᠨ᠎ᠡ ᠭᠡᠵᠦ ᠢᠯᠡᠷᠬᠡᠶᠢᠯᠡᠪᠡ᠃ | ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ᠂ ᠬᠤᠰᠢᠭᠤᠨ ᠤ ᠤᠯᠤᠰ | ᠲᠥᠷᠥ ᠶᠢᠨ ᠵᠥᠪᠯᠡᠯᠭᠡᠨ ᠤ ᠬᠠᠮᠢᠶ᠎ᠠ ᠪᠥᠬᠦᠶ ᠤᠳᠤᠷᠢᠳᠤᠯᠭ᠎ᠠ᠂ ᠬᠤᠰᠢᠭᠤᠨ ᠤ ᠬᠠᠮᠢᠶ᠎ᠠ ᠪᠥᠬᠦᠶ ᠰᠢᠭᠤᠳ ᠬᠠᠷᠢᠶ᠎ᠠ | ᠰᠠᠯᠠᠭ᠎ᠠ ᠮᠥᠴᠢᠷ᠂ ᠰᠤᠮᠤ ᠰᠢᠶᠠᠩ ᠪᠠᠯᠭᠠᠰᠤ ᠶᠢᠨ ᠬᠠᠷᠢᠭᠤᠴᠠᠯᠭᠠᠲᠠᠨ ᠨᠠᠷ ᠣᠷᠣᠯᠴᠠᠪᠠ᠃ |