| 5 ᠰᠠᠷ᠎ᠠ ᠶᠢᠨ 16 ᠤ ᠡᠳᠦᠷ᠂ ᠬᠢᠩᠭᠠᠨ ᠠᠶᠢᠮᠠᠭ ᠤᠨ ᠵᠠᠬᠢᠷᠭ᠎ᠠ ᠶᠢᠨ ᠳᠡᠳ᠋ ᠳᠠᠷᠤᠭ᠎ᠠ᠂ ᠬᠤᠷᠴᠢᠨ ᠪᠠᠷᠠᠭᠤᠨ | ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠱᠤ᠋ ᠲᠤᠤ ᠶᠢᠨ ᠤᠷᠢᠯᠭ᠎ᠠ ᠪᠠᠷ᠂ ᠥᠪᠥᠷ | ᠮᠣᠩᠭᠤᠯ ᠤᠨ ᠱᠧᠨ ᠶᠢᠩ ᠠᠭᠠᠷ ᠤᠨ ᠠᠶᠠᠯᠠᠯ ᠤᠨ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠴᠢᠦ ᡁᠢ | ᠭᠠᠩ᠂ ᠳᠡᠳ᠋ ᠶᠡᠷᠦᠩᠬᠡᠶ ᠳᠠᠭᠠᠭᠠᠮᠠᠯ ᠰᠥᠩ ᠰᠢᠤᠸᠠᠢ ᠹᠧᠶ ᠨᠡᠷ ᠬᠤᠷᠴᠢᠨ ᠪᠠᠷᠠᠭᠤᠨ ᠭᠠᠷᠤᠨ ᠡᠮᠦᠨᠡᠲᠦ | ᠬᠤᠰᠢᠭᠤᠨ ᠳᠤ ᠢᠷᠡᠵᠦ ᠰᠢᠨᠵᠢᠯᠡᠨ ᠪᠠᠶᠢᠴᠠᠭᠠᠬᠤ ᠶᠢᠨ ᠬᠠᠮᠲᠤ ᠶᠠᠷᠢᠯᠴᠠᠬᠤ ᠬᠤᠷᠠᠯ ᠬᠢᠵᠦ ᠰᠠᠨᠠᠯ ᠢᠶᠠᠨ ᠰᠣᠯᠢᠯᠴᠠᠪᠠ | ᠃ ᠬᠤᠰᠢᠭᠤᠨ ᠤ ᠨᠠᠮ ᠤᠨ ᠬᠤᠷᠢᠶ᠎ᠠ ᠶᠢᠨ ᠬᠠᠮᠢᠶ᠎ᠠ ᠪᠥᠬᠦᠶ ᠤᠳᠤᠷᠢᠳᠤᠯᠭ᠎ᠠ ᠵᠢᠴᠢ ᠬᠠᠮᠢᠶ᠎ᠠ ᠪᠥᠬᠦᠶ ᠰᠢᠭᠤᠳ | ᠬᠠᠷᠢᠶ᠎ᠠ ᠰᠠᠯᠠᠭ᠎ᠠ ᠮᠥᠴᠢᠷ ᠪᠣᠯᠤᠨ ᠰᠤᠮᠤ ᠰᠢᠶᠠᠩ ᠪᠠᠯᠭᠠᠰᠤ ᠶᠢᠨ ᠬᠠᠮᠢᠶ᠎ᠠ ᠪᠥᠬᠦᠶ ᠬᠥᠮᠦᠰ ᠬᠠᠮᠲᠤ ᠪᠠᠷ ᠰᠢᠨᠵᠢᠯᠡᠨ | ᠪᠠᠶᠢᠴᠠᠭᠠᠵᠦ ᠶᠠᠷᠢᠯᠴᠠᠭᠠᠨ ᠳᠤ ᠤᠷᠤᠯᠴᠠᠪᠠ᠃ | ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ ᠤᠷᠢᠳ ᠬᠤᠵᠢᠳ ᠥᠪᠥᠷ ᠮᠣᠩᠭᠤᠯ ᠤᠨ ᠳ᠋ᠦᠩ ᠬᠠᠨ ᠠᠭᠠᠷ ᠤᠨ | ᠠᠶᠠᠯᠠᠯ ᠤᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠤᠯᠠᠭᠠᠨᠮᠤᠲᠤ ᠶᠢᠨ ᠶᠦᠨ ᠱᠠᠩ ᠲᠠᠯ᠎ᠠ ᠨᠤᠲᠤᠭ ᠤᠨ | ᠨᠢᠰᠦᠯᠲᠡ ᠶᠢᠨ ᠪᠠᠭᠤᠴᠠ᠂ ᠳᠡᠪᠰᠡᠭ ᠤᠨ ᠬᠠᠷ᠎ᠠ ᠢᠮᠠᠭᠠᠳᠤ ᠶᠢᠨ ᠠᠭᠤᠯᠠ᠂ ᠮᠦ ᠶᠧ ᠱᠠᠨ ᠵᠢᠶᠠᠨ ᠪᠠᠭᠤᠳᠠᠯ᠂ | ᠮᠧᠯᠴᠢᠭ ᠪᠠᠭᠤᠴᠠ᠂ ᠨᠡᠶᠢᠳᠡᠮ ᠤᠨ ᠬᠡᠷᠡᠭᠯᠡᠭᠡᠨ ᠤ ᠨᠢᠰᠬᠡᠯ ᠤᠨ ᠪᠠᠭᠤᠳᠠᠯ ᠵᠡᠷᠭᠡ ᠠᠵᠤ ᠠᠬᠤᠶᠢᠯᠠᠯ ᠵᠢᠴᠢ ᠲᠦᠷᠦᠯ | ᠵᠦᠢᠯ ᠤᠨ ᠲᠤᠬᠠᠢ ᠶᠢᠨ ᠲᠠᠯᠠᠪᠠᠢ ᠪᠠᠷ ᠬᠦᠷᠴᠦ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠤᠶᠢᠷ᠎ᠠ | ᠣᠭᠲᠠᠷᠭᠤᠢ ᠶᠢᠨ ᠠᠵᠤ ᠠᠬᠤᠢ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠵᠡᠷᠭᠡ ᠲᠠᠯ᠎ᠠ ᠳᠤ | ᠰᠢᠨᠵᠢᠯᠡᠨ ᠪᠠᠶᠢᠴᠠᠭᠠᠯᠲᠠ ᠬᠢᠬᠦ ᠶᠢᠨ ᠬᠠᠮᠲᠤ ᠰᠠᠨᠠᠯ ᠰᠠᠨᠠᠭᠤᠯᠭ᠎ᠠ ᠳᠤᠷᠠᠳᠴᠠᠢ᠃ | ᠰᠦᠨ ᠱᠤ᠋ ᠲᠤᠤ᠂ ᠬᠦᠬᠡᠬᠤᠳᠠ ᠠᠴᠠ ᠴᠢᠦ ᡁᠢ ᠭᠠᠩ ᠨᠠᠷ ᠤᠨ ᠬᠦᠷᠦᠯᠴᠡᠨ ᠢᠷᠡᠭᠰᠡᠨ ᠢ ᠬᠠᠯᠠᠭᠤᠨ ᠢᠶᠠᠷ | ᠤᠭᠲᠤᠵᠤ ᠪᠠᠶᠢᠬᠤ ᠰᠡᠳᠭᠢᠯᠭᠡ ᠪᠠᠨ ᠢᠯᠡᠳᠬᠡᠪᠡ᠃ ᠲᠡᠷᠡ᠂ ᠥᠪᠥᠷ ᠮᠣᠩᠭᠤᠯ ᠤᠨ ᠱᠧᠨ ᠶᠢᠩ ᠠᠭᠠᠷ ᠤᠨ | ᠠᠶᠠᠯᠠᠯ ᠤᠨ ᠪᠦᠯᠦᠭᠯᠡᠯ ᠪᠣᠯ ᠮᠠᠨ ᠤ ᠤᠯᠤᠰ ᠤᠨ ᠬᠠᠮᠤᠭ ᠤᠨ ᠡᠷᠲᠡ ᠪᠠᠶᠢᠭᠤᠯᠤᠭᠳᠠᠭᠰᠠᠨ ᠠᠭᠠᠷ ᠤᠨ ᠠᠶᠠᠯᠠᠯ ᠤᠨ | ᠬᠥᠬᠡ ᠲᠥᠷᠥᠯ ᠤᠨ ᠠᠵᠤ ᠠᠬᠤᠶᠢᠯᠠᠯ ᠤᠨ ᠨᠢᠭᠡ ᠪᠣᠯᠤᠨ᠎ᠠ᠂ ᠡᠨᠡ ᠤᠳᠠᠭ᠎ᠠ ᠮᠠᠨ ᠤ ᠬᠤᠰᠢᠭᠤᠨ ᠤ ᠤᠶᠢᠷ᠎ᠠ | ᠤᠭᠳᠠᠷᠭᠤᠢ ᠶᠢᠨ ᠨᠢᠰᠭᠡᠯ ᠵᠡᠷᠭᠡ ᠵᠢᠭᠤᠯᠴᠢᠯᠠᠯ ᠤᠨ ᠦᠢᠯᠡᠰ ᠤᠨ ᠬᠥᠭᠵᠢᠯᠲᠡ᠂ ᠨᠡᠶᠢᠳᠡᠮ ᠤᠨ ᠬᠡᠷᠡᠭᠯᠡᠭᠡᠨ ᠤ | ᠨᠢᠰᠬᠡᠯ ᠤᠨ ᠪᠠᠭᠤᠳᠠᠯ ᠤᠨ ᠪᠥᠲᠥᠭᠡᠨ ᠪᠠᠶᠢᠭᠤᠯᠤᠯᠲᠠ᠂ ᠲᠠᠷᠢᠶᠠᠯᠠᠩ ᠣᠶ ᠰᠢᠭᠤᠶ ᠶᠢᠨ ᠡᠪᠡᠳᠴᠢᠨ ᠬᠤᠷᠣᠬᠠᠶ ᠶᠢᠨ | ᠬᠥᠨᠥᠭᠡᠯ ᠤᠨ ᠠᠮᠢᠳᠤ ᠪᠣᠳᠠᠰ ᠢ ᠰᠡᠷᠭᠡᠶᠢᠯᠡᠨ ᠵᠠᠰᠠᠬᠤ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ | ᠵᠡᠷᠭᠡ ᠲᠠᠯ᠎ᠠ ᠪᠠᠷ ᠳᠤᠷᠠᠳᠤᠭᠰᠠᠨ ᠰᠠᠨᠠᠯ ᠰᠠᠨᠠᠭᠤᠯᠭ᠎ᠠ ᠨᠢ ᠲᠦᠢᠯ ᠤᠨ ᠡᠷᠬᠢᠮ ᠨᠠᠨᠳᠢᠨ ᠪᠠᠶᠢᠵᠤ᠂ ᠮᠠᠨ ᠤ | ᠬᠤᠰᠢᠭᠤᠨ ᠤ ᠬᠥᠭᠵᠢᠯᠲᠡ ᠶᠢᠨ ᠪᠣᠳᠠᠲᠤ ᠪᠠᠶᠢᠳᠠᠯ ᠲᠠᠢ ᠨᠡᠶᠢᠴᠡᠵᠦ᠂ ᠬᠤᠷᠴᠢᠨ ᠪᠠᠷᠠᠭᠤᠨ ᠭᠠᠷᠤᠨ ᠡᠮᠦᠨᠡᠲᠦ | ᠬᠤᠰᠢᠭᠤᠨ ᠤ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠬᠦ ᠶᠢᠨ ᠬᠠᠮᠲᠤ ᠬᠤᠶᠢᠰᠢᠳᠠ ᠪᠦᠯᠦᠭᠯᠡᠯ ᠲᠠᠢ ᠨᠠᠩ | ᠥᠷᠭᠡᠨ ᠳᠡᠯᠭᠡᠷ᠂ ᠭᠦᠨ ᠳᠠᠪᠬᠤᠷᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠥᠷᠨᠢᠭᠦᠯᠬᠦ ᠶᠢ ᠬᠦᠰᠡᠵᠦ ᠪᠠᠶᠢᠨ᠎ᠠ ᠭᠡᠵᠡᠢ | ᠃ | ᠴᠢᠦ ᡁᠢ ᠭᠠᠩ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠨᠢ ᠪᠠᠶᠢᠭᠠᠯᠢ ᠶᠢᠨ ᠥᠩᠭᠡ | ᠦᠵᠡᠮᠵᠢ ᠲᠠᠢ᠂ ᠭᠠᠵᠠᠷ ᠵᠦᠶ ᠶᠢᠨ ᠳᠠᠪᠠᠭᠤᠯᠢᠭ ᠪᠠᠶᠢᠷᠢᠰᠢᠯ ᠲᠠᠢ᠂ ᠠᠵᠤ ᠦᠢᠯᠡᠰ ᠤᠨ ᠰᠠᠶᠢᠨ ᠰᠠᠭᠤᠷᠢ ᠲᠠᠢ᠂ | ᠡᠶᠢᠮᠦ ᠠᠴᠠ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠶᠢ ᠦᠷᠭᠦᠯᠵᠢᠯᠡᠨ ᠠᠩᠬᠠᠷᠴᠤ᠂ ᠠᠭᠠᠷ ᠤᠨ | ᠠᠶᠠᠯᠠᠯ ᠤᠨ ᠡᠵᠡᠩᠨᠡᠯᠲᠡ᠂ ᠲᠠᠷᠢᠶᠠᠯᠠᠩ ᠣᠶ ᠰᠢᠭᠤᠶ ᠶᠢᠨ ᠠᠵᠢᠯ᠂ ᠵᠢᠯᠣᠭᠤᠴᠢ ᠥᠬᠡᠶ ᠨᠢᠰᠬᠡᠯ ᠤᠨ ᠰᠤᠳᠤᠯᠤᠨ | ᠦᠢᠯᠡᠳᠬᠦ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ᠂ ᠠᠭᠠᠷ ᠤᠨ ᠵᠢᠭᠤᠯᠴᠢᠯᠠᠯ᠂ ᠨᠢᠰᠬᠡᠭᠴᠢ ᠶᠢᠨ | ᠪᠣᠯᠪᠠᠰᠤᠷᠠᠯ᠂ ᠨᠡᠶᠢᠳᠡᠮ ᠤᠨ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠪᠥᠲᠥᠭᠡᠨ ᠪᠠᠶᠢᠭᠤᠯᠤᠯᠲᠠ ᠪᠠ | ᠬᠠᠮᠢᠶᠠᠷᠤᠯᠲᠠ ᠵᠡᠷᠭᠡ ᠬᠦᠷᠢᠶᠡᠨ ᠳᠤ ᠢᠳᠡᠪᠬᠢᠲᠡᠶ ᠪᠠᠷ ᠬᠠᠮᠲᠤᠷᠠᠯᠴᠠᠬᠤ ᠶᠢ ᠡᠷᠢᠯᠬᠢᠯᠡᠨ᠂ ᠬᠤᠶᠠᠷ ᠲᠠᠯ᠎ᠠ ᠪᠠᠷ ᠢᠶᠠᠨ | ᠠᠰᠢᠭ ᠭᠥᠷᠳᠡᠬᠦ ᠶᠢ ᠪᠡᠶᠡᠯᠡᠭᠦᠯᠦᠨ᠎ᠡ ᠭᠡᠵᠡᠶ᠃ |