| 5 ᠰᠠᠷ᠎ᠠ ᠶᠢᠨ 17 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠪᠣᠯᠤᠨ ᠥᠪᠥᠷ | ᠮᠣᠩᠭᠤᠯ ᠤᠨ ᠶᠤᠸᠠᠨ ᠶᠤᠸᠠᠨ ᠡᠨᠧᠷᠭᠢ ᠶᠢᠨ ᠪᠦᠯᠦᠭᠯᠡᠯ ᠤᠨ ᠪᠦᠷᠢᠨ ᠪᠤᠰᠤ ᠬᠠᠷᠢᠭᠤᠴᠠᠯᠭᠠᠲᠤ ᠺᠣᠮᠫᠠᠨᠢ ᠰᠢᠨ᠎ᠡ | ᠡᠨᠧᠷᠭᠢ ᠶᠢᠨ ᠲᠥᠷᠥᠯ ᠵᠦᠢᠯ ᠢ ᠳᠥᠯᠭᠢᠨ ᠠᠬᠢᠭᠤᠯᠬᠤ ᠬᠤᠷᠠᠯ ᠬᠢᠵᠦ᠂ ᠬᠤᠶᠠᠷ ᠲᠠᠯ᠎ᠠ ᠪᠠᠷ ᠢᠶᠠᠨ ᠬᠠᠮᠲᠤᠷᠠᠨ | ᠠᠵᠢᠯᠯᠠᠵᠤ ᠬᠠᠮᠲᠤ ᠪᠠᠷ ᠠᠰᠢᠭ ᠭᠥᠷᠳᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠭᠠᠵᠠᠷ ᠣᠷᠣᠨ ᠤ ᠪᠣᠬᠢᠷᠲᠤᠯ | ᠥᠬᠡᠶ ᠬᠥᠭᠵᠢᠯᠲᠡ ᠳᠤ ᠬᠦᠴᠦᠨ ᠨᠡᠮᠡᠷᠢᠯᠡᠬᠦ ᠪᠠᠷ ᠪᠤᠢ᠃ | ᠬᠢᠩᠭᠠᠨ ᠠᠶᠢᠮᠠᠭ ᠤᠨ ᠵᠠᠬᠢᠷᠭ᠎ᠠ ᠶᠢᠨ ᠳᠡᠳ᠋ ᠳᠠᠷᠤᠭ᠎ᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ | ᠨᠠᠮ ᠤᠨ ᠬᠤᠷᠢᠶᠠᠨ ᠤ ᠱᠦᠵᠢ ᠰᠦᠨ ᠱᠤ᠋ ᠲᠤᠤ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ | ᠬᠤᠰᠢᠭᠤᠨ ᠳᠠᠷᠤᠭ᠎ᠠ ᠯᠢᠦ ᠬᠠᠶ ᠲᠤᠤ᠂ ᠥᠪᠥᠷ ᠮᠣᠩᠭᠤᠯ ᠤᠨ ᠶᠤᠸᠠᠨ ᠶᠤᠸᠠᠨ ᠡᠨᠧᠷᠭᠢ ᠶᠢᠨ ᠪᠦᠯᠦᠭᠯᠡᠯ ᠤᠨ | ᠪᠦᠷᠢᠨ ᠪᠤᠰᠤ ᠬᠠᠷᠢᠭᠤᠴᠠᠯᠭᠠᠲᠤ ᠺᠣᠮᠫᠠᠨᠢ ᠶᠢᠨ ᠳᠡᠳ᠋ ᠶᠡᠷᠦᠩᠬᠡᠶ ᠳᠠᠭᠠᠭᠠᠮᠠᠯ᠂ ᠬᠢᠩᠭᠠᠨ ᠠᠶᠢᠮᠠᠭ ᠤᠨ ᠶᠤᠸᠠᠨ | ᠶᠤᠸᠠᠨ ᠰᠢᠨ᠎ᠡ ᠡᠨᠧᠷᠭᠢ ᠶᠢᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠵᠧᠩ ᠶᠠ ᠭᠠᠩ᠂ | ᠪᠠᠶᠢᠩᠭᠤ ᠶᠢᠨ ᠳᠡᠳ᠋ ᠶᠡᠷᠦᠩᠬᠡᠶ ᠳᠠᠭᠠᠭᠠᠮᠠᠯ ᠶᠠᠩ ᠸᠧᠨ ᠴᠢᠩ ᠨᠡᠷ ᠨᠢᠭᠡ ᠲᠠᠩᠬᠢᠮ ᠳᠤ ᠴᠤᠭᠯᠠᠷᠠᠵᠤ᠂ ᠬᠠᠮᠲᠤᠪᠠᠷ | ᠵᠥᠪᠳᠡᠯᠴᠡᠵᠦ ᠶᠠᠷᠢᠯᠴᠠᠪᠠ᠃ | ᠬᠤᠷᠠᠯ ᠳᠡᠭᠡᠷ᠎ᠡ᠂ ᠵᠠᠰᠠᠭ ᠤᠨ ᠤᠷᠳᠤᠨ ᠠᠵᠤ ᠠᠬᠤᠶᠢᠯᠠᠯ ᠬᠤᠶᠠᠷ ᠲᠠᠯ᠎ᠠ ᠪᠠᠷ ᠢᠶᠠᠨ ᠰᠢᠨ᠎ᠡ ᠡᠨᠧᠷᠭᠢ ᠶᠢᠨ | ᠲᠥᠷᠥᠯ ᠵᠦᠢᠯ ᠢ ᠨᠠᠶᠢᠳᠠᠪᠤᠷᠢᠵᠢᠭᠤᠯᠤᠨ ᠠᠬᠢᠭᠤᠯᠬᠤ᠂ ᠭᠠᠷ ᠭᠦᠢᠴᠡᠳᠭᠡᠯ ᠢ ᠬᠢᠨᠠᠨ ᠵᠥᠪᠰᠢᠶᠡᠷᠡᠬᠦ ᠵᠡᠷᠭᠡ | ᠵᠦᠢᠯᠡᠰ ᠤᠨ ᠲᠣᠭᠤᠷᠢᠨ ᠳᠤ ᠭᠦᠨᠵᠡᠭᠡᠶ ᠰᠤᠳᠤᠯᠤᠨ ᠶᠠᠷᠢᠯᠴᠠᠬᠤ ᠪᠠ ᠨᠠᠷᠢᠨ ᠨᠢᠮᠪᠠᠶ ᠵᠥᠪᠳᠡᠯᠴᠡᠵᠦ᠂ ᠰᠠᠨᠠᠯ ᠢᠶᠠᠨ | ᠭᠦᠢᠴᠡᠳ ᠰᠣᠯᠢᠯᠴᠠᠨ᠂ ᠲᠥᠷᠥᠯ ᠵᠦᠢᠯ ᠤᠨ ᠤᠷᠤᠭᠰᠢᠲᠠᠶ ᠶᠠᠪᠤᠭᠳᠠᠬᠤ ᠳᠤ ᠪᠠᠲᠤ ᠰᠠᠭᠤᠷᠢ ᠲᠠᠯᠪᠢᠵᠠᠢ᠃ | ᠬᠤᠷᠠᠯ ᠠᠴᠠ᠂ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠭᠠᠷ ᠭᠦᠢᠴᠡᠳᠬᠡᠯ ᠢ ᠭᠦᠢᠴᠡᠳᠬᠡᠬᠦ ᠪᠠᠷ | ᠭᠤᠣᠯᠳᠠᠯᠭ᠎ᠠ ᠶᠢᠨ ᠭᠤᠣᠯᠳᠠᠯᠭ᠎ᠠ ᠪᠣᠯᠭᠠᠵᠤ᠂ ᠰᠢᠨ᠎ᠡ ᠡᠨᠧᠷᠭᠢ ᠶᠢᠨ ᠲᠦᠷᠦᠯ ᠵᠦᠢᠯ ᠢ ᠪᠣᠳᠠᠲᠠᠢ ᠳᠤ | ᠨᠠᠶᠢᠳᠠᠪᠤᠷᠢᠵᠢᠭᠤᠯᠬᠤ ᠶᠢ ᠬᠠᠮᠤᠭ ᠤᠨ ᠲᠦᠷᠭᠡᠨ ᠠᠬᠢᠭᠤᠯᠬᠤ ᠬᠡᠷᠡᠭᠲᠡᠢ᠃ ᠬᠤᠷᠴᠢᠨ ᠪᠠᠷᠠᠭᠤᠨ ᠭᠠᠷᠤᠨ ᠡᠮᠦᠨᠡᠲᠦ | ᠬᠤᠰᠢᠭᠤᠨ ᠤ ᠡᠯ᠎ᠡ ᠰᠠᠯᠠᠭ᠎ᠠ ᠮᠥᠴᠢᠷ ᠤᠨ ᠬᠢᠨ ᠲᠦᠷᠦᠯ ᠵᠦᠢᠯ ᠤᠨ ᠲᠠᠯ᠎ᠠ ᠶᠢᠨ ᠬᠢᠨ ᠲᠠᠢ ᠢᠳᠡᠪᠬᠢᠲᠡᠢ ᠪᠠᠷ ᠤᠨᠢᠨ | ᠳᠡᠭᠡᠷ᠎ᠡ ᠨᠢ ᠵᠣᠯᠭᠠᠭᠤᠯᠵᠤ᠂ ᠰᠠᠨᠠᠭᠠᠴᠢᠯᠠᠭ᠎ᠠ ᠠᠴᠠ ᠪᠠᠨ ᠡᠮᠦᠨ᠎ᠡ ᠨᠢ ᠦᠢᠯᠡᠴᠢᠯᠡᠵᠦ᠂ ᠲᠦᠷᠦᠯ ᠵᠦᠢᠯ ᠢ ᠠᠬᠢᠭᠤᠯᠬᠤ | ᠶᠠᠪᠤᠴᠠ ᠳᠤ ᠲᠤᠯᠭᠠᠷᠠᠭᠰᠠᠨ ᠬᠦᠴᠢᠷ ᠠᠰᠠᠭᠤᠳᠠᠯ ᠢ ᠪᠦᠬᠦ ᠬᠦᠴᠦᠨ ᠢᠶᠠᠷ ᠢᠶᠠᠨ ᠰᠢᠢᠳᠪᠦᠷᠢᠯᠡᠵᠦ᠂ ᠬᠠᠮᠤᠭ ᠤᠨ | ᠰᠢᠯᠢᠳᠡᠭ᠂ ᠬᠠᠮᠤᠭ ᠤᠨ ᠥᠨᠳᠥᠷ ᠪᠦᠲᠦᠮᠵᠢᠲᠡᠢ ᠦᠢᠯᠡᠴᠢᠯᠡᠭᠡ ᠪᠠᠷ ᠲᠦᠷᠦᠯ ᠵᠦᠢᠯ ᠢ ᠡᠷᠲᠡᠬᠡᠨ ᠠᠰᠢᠭᠯᠠᠯᠲᠠ ᠳᠤ | ᠣᠷᠣᠭᠤᠯᠬᠤ ᠪᠠᠷ ᠴᠢᠷᠮᠠᠶᠢᠬᠤ ᠬᠡᠷᠡᠭᠳᠡᠢ ᠭᠡᠵᠤ ᠴᠢᠬᠤᠯᠠᠴᠢᠯᠠᠪᠠ᠃ |