| 5 ᠰᠠᠷ᠎ᠠ ᠶᠢᠨ 17 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠪᠡᠭᠡᠵᠢᠩ ᠤᠨ ᠰᠢᠨ ᠹᠠ | ᠲᠠᠷᠢᠶᠠᠯᠠᠩ ᠣᠶ ᠰᠢᠭᠤᠶ ᠶᠢᠨ ᠪᠦᠯᠦᠭᠯᠡᠯ ᠲᠠᠢ ᠬᠠᠮᠳᠤᠷᠠᠨ ᠶᠠᠷᠢᠯᠴᠠᠬᠤ ᠬᠤᠷᠠᠯ ᠬᠢᠵᠦ᠂ ᠲᠠᠷᠢᠶᠠᠯᠠᠩ ᠠᠮᠢ | ᠠᠬᠤᠶ ᠶᠢᠨ ᠰᠢᠨ᠎ᠡ ᠶᠢ ᠡᠭᠦᠳᠬᠦ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠦᠨ ᠭᠦᠨᠵᠡᠭᠡᠶ ᠶᠠᠷᠢᠯᠴᠠᠪᠠ᠃ | ᠬᠢᠩᠭᠠᠨ ᠠᠶᠢᠮᠠᠭ ᠤᠨ ᠵᠠᠬᠢᠷᠭ᠎ᠠ ᠶᠢᠨ ᠳᠡᠳ᠋ ᠳᠠᠷᠤᠭ᠎ᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ | ᠨᠠᠮ ᠤᠨ ᠬᠤᠷᠢᠶᠠᠨ ᠤ ᠱᠦᠵᠢ ᠰᠦᠨ ᠱᠤ᠋ ᠲᠤᠤ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ | ᠬᠤᠰᠢᠭᠤᠨ ᠳᠠᠷᠤᠭ᠎ᠠ ᠯᠢᠦ ᠬᠠᠶ ᠲᠤᠤ᠂ ᠵᠥᠩ ᠭᠤᠸᠠᠩ ᠾᠧ ︵ᠥᠪᠥᠷ ᠮᠣᠩᠭᠤᠯ︶ ᠰᠢᠨ᠎ᠡ ᠡᠨᠧᠷᠭᠢ ᠶᠢᠨ ᠪᠠᠯᠠ | ᠣᠷᠣᠭᠤᠯᠤᠯᠲᠠ ᠶᠢᠨ ᠬᠢᠵᠠᠭᠠᠷᠲᠤ ᠺᠣᠮᠫᠠᠨᠢ ᠶᠢᠨ ᠨᠠᠮ ᠤᠨ ᠬᠤᠷᠢᠶᠠᠨ ᠤ ᠭᠡᠰᠢᠭᠦᠨ᠂ ᠳᠡᠳ᠋ ᠶᠡᠷᠦᠩᠬᠡᠶ ᠳᠠᠭᠠᠭᠠᠮᠠᠯ᠂ | ᠵᠥᠩ ᠭᠤᠸᠠᠩ ᠾᠧ ︵ᠬᠢᠩᠭᠠᠨ ᠠᠶᠢᠮᠠᠭ︶ ᠰᠢᠨ᠎ᠡ ᠡᠨᠧᠷᠭᠢ ᠶᠢᠨ ᠬᠢᠵᠠᠭᠠᠷᠲᠤ ᠺᠣᠮᠫᠠᠨᠢ ᠶᠢᠨ ᠨᠠᠮ ᠤᠨ ᠶᠡᠷᠦᠩᠬᠡᠶ | ᠡᠭᠦᠷ ᠤᠨ ᠱᠦᠵᠢ᠂ ᠶᠡᠷᠦᠩᠬᠡᠶ ᠳᠠᠭᠠᠭᠠᠮᠠᠯ ᠪᠥᠭᠡᠳ ᠢᠨᠵᠧᠨᠧᠷᠢᠩ ᠤᠨ ᠠᠵᠢᠯ ᠦᠢᠯᠡᠰ ᠤᠨ ᠬᠡᠯᠲᠡᠰ ᠤᠨ ᠥᠪᠥᠷ | ᠮᠣᠩᠭᠤᠯ ᠤᠨ ᠵᠡᠭᠦᠨ ᠬᠡᠰᠡᠭ ᠤᠨ ᠭᠠᠵᠠᠷ ᠣᠷᠣᠨ ᠤ ᠶᠡᠷᠦᠩᠬᠡᠶ ᠬᠢᠨᠠᠭᠴᠢ ᠰᠢᠩ ᠵᠢᠶᠦ᠋ᠨ ᠰᠢ᠂ ᠪᠡᠭᠡᠵᠢᠩ ᠤᠨ ᠰᠢᠨ | ᠹᠠ ᠲᠠᠷᠢᠶᠠᠯᠠᠩ ᠣᠶ ᠰᠢᠭᠤᠶ ᠶᠢᠨ ᠪᠦᠯᠦᠭᠯᠡᠯ ᠤᠨ ᠳᠡᠭᠡᠳᠦ ᠲᠠᠰ ᠤᠨ ᠵᠥᠪᠯᠡᠭᠴᠢ ᠯᠢᠦ ᠰᠢᠤᠢ ᠶᠠᠷᠢᠯᠴᠠᠬᠤ | ᠬᠤᠷᠠᠯ ᠳᠤ ᠣᠷᠣᠯᠴᠠᠪᠠ᠃ | ᠶᠠᠷᠢᠯᠴᠠᠬᠤ ᠬᠤᠷᠠᠯ ᠳᠡᠭᠡᠷ᠎ᠡ᠂ ᠵᠠᠰᠠᠭ ᠤᠨ ᠤᠷᠳᠤᠨ ᠠᠵᠤ ᠠᠬᠤᠶᠢᠯᠠᠯ ᠬᠤᠶᠠᠷ ᠲᠠᠯ᠎ᠠ ᠪᠠᠷ ᠢᠶᠠᠨ ᠵᠠᠬ᠎ᠠ | ᠳᠡᠯᠭᠡᠭᠦᠷ᠂ ᠪᠠᠯᠠ ᠮᠥᠩᠭᠦ᠂ ᠮᠡᠷᠭᠡᠵᠢᠯ ᠤᠨ ᠡᠨᠧᠷᠭᠢ ᠣᠯᠭᠤᠬᠤ ᠭᠤᠷᠪᠠᠨ ᠶᠡᠭᠡ ᠲᠣᠭᠤᠷᠢᠨ ᠳᠤ᠂ ᠠᠮᠢ ᠠᠬᠤᠶ ᠶᠢᠨ | ᠦᠷ᠎ᠡ ᠠᠰᠢᠭ ᠬᠢᠭᠡᠳ ᠠᠵᠤ ᠠᠬᠤᠶ ᠶᠢᠨ ᠦᠷ᠎ᠡ ᠠᠰᠢᠭ ᠤᠨ ᠬᠤᠶᠠᠷ ᠲᠠᠯ᠎ᠠ ᠪᠠᠷ ᠠᠰᠢᠭ ᠭᠥᠷᠳᠡᠬᠦ ᠠᠷᠭ᠎ᠠ ᠵᠠᠮ ᠤᠨ | ᠲᠤᠬᠠᠶ ᠰᠠᠶᠢᠳᠤᠷ ᠰᠤᠳᠤᠯᠤᠨ ᠶᠠᠷᠢᠯᠴᠠᠪᠠ᠃ | ᠰᠦᠨ ᠱᠤ᠋ ᠲᠤᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠳᠤ ᠡᠯᠪᠡᠭ ᠳᠡᠯᠪᠡᠭ ᠣᠶᠢᠲᠤ | ᠭᠠᠵᠠᠷ ᠤᠨ ᠡᠬᠢ ᠪᠠᠶᠠᠯᠢᠭ᠂ ᠨᠠᠷᠠᠨ ᠤ ᠬᠡᠷᠡᠯ ᠤᠨ ᠭᠦᠢᠴᠡᠳ ᠲᠤᠰᠤᠯᠲᠠ ᠶᠢᠨ ᠨᠥᠬᠦᠴᠡᠯ ᠪᠠ ᠪᠣᠯᠪᠠᠰᠤᠷᠠᠩᠭᠤᠶ | ᠲᠠᠷᠢᠶᠠᠯᠠᠩ ᠮᠠᠯ ᠠᠵᠤ ᠠᠬᠤᠶ ᠶᠢᠨ ᠰᠠᠭᠤᠷᠢ ᠲᠠᠢ ᠪᠠᠶᠢᠵᠤ᠂ ᠠᠮᠢ ᠠᠬᠤᠶ ᠶᠢᠨ ᠲᠠᠷᠢᠶᠠᠯᠠᠩ ᠪᠠ ᠴᠡᠪᠡᠷ | ᠡᠨᠧᠷᠭᠢ ᠶᠢᠨ ᠰᠤᠷᠪᠤᠯᠵᠢ ᠶᠢ ᠬᠥᠭᠵᠢᠭᠦᠯᠬᠦ ᠳᠤ ᠪᠠᠶᠢᠭᠠᠯᠢ ᠶᠢᠨ ᠳᠠᠪᠠᠭᠤᠯᠢᠭ ᠲᠠᠢ ᠪᠠᠶᠢᠳᠠᠭ᠃ ᠬᠤᠶᠠᠷ | ᠲᠠᠯ᠎ᠠ ᠪᠠᠷ ᠢᠶᠠᠨ ᠳᠠᠷᠤᠢ ᠲᠦᠷᠭᠡᠨ ᠲᠤᠬᠠᠢ ᠶᠢᠨ ᠭᠠᠵᠠᠷ ᠤᠨ ᠪᠠᠶᠢᠴᠠᠭᠠᠨ ᠰᠤᠳᠤᠯᠤᠯᠲᠠ ᠶᠢ ᠥᠷᠨᠢᠭᠦᠯᠵᠦ᠂ ᠣᠷᠣᠨ | ᠪᠦᠰᠡ ᠶᠢᠨ ᠣᠨᠴᠠᠯᠢᠭ ᠲᠠᠢ ᠪᠠᠨ ᠤᠶᠠᠯᠳᠤᠭᠤᠯᠤᠨ ᠬᠠᠮᠲᠤᠷᠠᠯᠴᠠᠭᠠᠨ ᠤ ᠲᠥᠰᠦᠯ ᠢ ᠨᠠᠷᠢᠯᠢᠬᠵᠢᠭᠤᠯᠵᠤ᠂ | ᠬᠠᠮᠲᠤᠷᠠᠯᠴᠠᠭᠠᠨ ᠤ ᠲᠦᠷᠦᠯ ᠵᠦᠢᠯ ᠢ ᠡᠷᠲᠡᠬᠡᠨ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠠᠬᠢᠭᠤᠯᠵᠤ᠂ | ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠬᠥᠳᠡᠯᠭᠡᠬᠦ | ᠬᠦᠴᠦᠨ ᠨᠡᠮᠡᠷᠢᠯᠡᠬᠦ ᠬᠡᠷᠡᠭᠳᠡᠢ ᠭᠡᠵᠡᠢ᠃ | ᠯᠢᠦ ᠬᠠᠢ ᠲᠤᠤ᠂ ᠵᠠᠰᠠᠭ ᠤᠨ ᠤᠷᠳᠤᠨ ᠠᠵᠤ ᠠᠬᠤᠶᠢᠯᠠᠯ ᠬᠤᠶᠠᠷ ᠲᠠᠯ᠎ᠠ ᠪᠠᠷ ᠢᠶᠠᠨ ᠪᠠᠶᠢᠩᠭᠤ ᠶᠢᠨ ᠴᠢᠨᠠᠷᠳᠠᠢ | ᠬᠤᠯᠪᠣᠭ᠎ᠠ ᠠᠪᠬᠤ ᠲᠣᠭᠲᠠᠴᠠ ᠶᠢ ᠪᠠᠶᠢᠭᠤᠯᠵᠤ᠂ ᠲᠦᠬᠦᠭᠡᠷᠦᠮᠵᠢᠲᠦ ᠲᠠᠷᠢᠶᠠᠯᠠᠩ᠂ ᠰᠢᠨ᠎ᠡ ᠡᠨᠧᠷᠭᠢ ᠶᠢᠨ ᠨᠡᠭᠡᠭᠡᠨ | ᠬᠥᠭᠵᠢᠭᠦᠯᠦᠯᠲᠡ ᠵᠡᠷᠭᠡ ᠬᠦᠷᠢᠶᠡᠨ ᠤ ᠲᠣᠭᠤᠷᠢᠨ ᠳᠤ ᠨᠡᠩ ᠭᠦᠨ ᠳᠠᠪᠬᠤᠷᠭ᠎ᠠ ᠶᠢᠨ ᠬᠠᠮᠲᠤᠷᠠᠯᠴᠠᠭ᠎ᠠ ᠶᠢ | ᠭᠤᠣᠯᠳᠠᠯᠭ᠎ᠠ ᠲᠠᠢ ᠥᠷᠨᠢᠭᠦᠯᠬᠦ ᠬᠡᠷᠡᠭᠲᠡᠢ᠃ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ᠂ ᠨᠠᠷᠢᠯᠢᠭ | ᠣᠨᠣᠴᠠᠲᠠᠶ ᠪᠠᠷ ᠠᠵᠢᠯ ᠢᠶᠠᠨ ᠵᠣᠯᠭᠠᠭᠤᠯᠬᠤ ᠪᠠᠷ ᠳᠠᠮᠵᠢᠭᠤᠯᠤᠨ᠂ ᠲᠦᠷᠦᠯ ᠵᠦᠢᠯ ᠢ ᠭᠠᠵᠠᠷ ᠣᠷᠣᠨ ᠤ | ᠪᠠᠶᠢᠳᠠᠯ ᠳᠤᠨᠢ ᠲᠣᠬᠢᠷᠠᠭᠤᠯᠬᠤ᠂ ᠰᠢᠨᠵᠢᠯᠡᠬᠦ ᠤᠬᠠᠭᠠᠨᠴᠢ ᠪᠠᠷ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠵᠤ᠂ | ᠡᠬᠢ ᠪᠠᠶᠠᠯᠢᠭ ᠤᠨ ᠳᠠᠪᠠᠭᠤᠯᠢᠭ ᠢ ᠠᠵᠤ ᠦᠢᠯᠡᠰ ᠤᠨ ᠳᠠᠪᠠᠭᠤᠯᠢᠭ ᠪᠣᠯᠭᠠᠨ ᠦᠨᠡᠨ ᠬᠦ ᠬᠤᠪᠢᠷᠠᠭᠤᠯᠵᠤ᠂ ᠵᠠᠰᠠᠭ | ᠤᠨ ᠤᠷᠳᠤᠨ ᠠᠵᠤ ᠠᠬᠤᠶᠢᠯᠠᠯ ᠬᠤᠶᠠᠷ ᠲᠠᠯ᠎ᠠ ᠪᠠᠷ ᠢᠶᠠᠨ ᠬᠠᠷᠢᠯᠴᠠᠨ ᠠᠰᠢᠭ ᠣᠯᠭᠤᠵᠤ ᠬᠠᠮᠲᠤ ᠪᠠᠷ ᠠᠰᠢᠭ | ᠬᠦᠷᠳᠡᠬᠦ ᠶᠢ ᠪᠡᠶᠡᠯᠡᠭᠦᠯᠬᠦ ᠬᠡᠷᠡᠭᠳᠡᠢ ᠭᠡᠵᠡᠢ᠃ | ᠯᠢᠦ ᠰᠢᠤᠢ ᠠᠵᠤ ᠠᠬᠤᠶᠢᠯᠠᠯ ᠤᠨ ᠲᠠᠷᠢᠮᠠᠯ ᠵᠢᠴᠢ ᠲᠠᠷᠢᠶᠠᠯᠠᠩ ᠬᠡᠷᠡᠯ ᠤᠨ ᠬᠠᠷᠢᠯᠴᠠᠨ ᠨᠥᠬᠦᠪᠥᠷᠢᠯᠡᠬᠦ ᠲᠥᠷᠥᠯ | ᠵᠦᠢᠯ ᠤᠨ ᠳᠤᠮᠳᠠᠬᠢ ᠠᠮᠵᠢᠯᠲᠠ ᠲᠠᠢ ᠲᠤᠷᠰᠢᠯᠭ᠎ᠠ ᠶᠢ ᠨᠠᠷᠢᠨ ᠲᠠᠨᠢᠯᠴᠠᠭᠤᠯᠵᠤ᠂ ᠬᠠᠮᠲᠤᠷᠠᠯᠴᠠᠭᠠᠨ ᠤ | ᠣᠶᠢᠯᠠᠭᠠᠭᠳᠠᠬᠤᠨ ᠢᠶᠠᠨ ᠬᠤᠪᠢᠶᠠᠯᠴᠠᠪᠠ᠃ ᠲᠡᠷᠡ᠂ ᠪᠦᠯᠦᠭᠯᠡᠯ ᠤᠨ ᠬᠢᠨ ᠳᠠᠷᠠᠭᠠᠴᠢ ᠶᠢᠨ ᠠᠯᠬᠤᠮ ᠳᠤ ᠬᠤᠷᠴᠢᠨ | ᠪᠠᠷᠠᠭᠤᠨ ᠭᠠᠷᠤᠨ ᠡᠮᠦᠨᠡᠲᠦ ᠬᠤᠰᠢᠭᠤ ᠲᠠᠢ ᠭᠦᠨᠵᠡᠭᠡᠢ ᠬᠠᠮᠲᠤᠷᠠᠯᠴᠠᠭ᠎ᠠ ᠥᠷᠨᠢᠭᠦᠯᠬᠦ ᠶᠢ ᠰᠦᠪᠡᠭᠴᠢᠯᠡᠵᠦ᠂ ᠠᠵᠤ | ᠦᠢᠯᠡᠰ ᠤᠨ ᠨᠡᠶᠢᠯᠡᠯᠲᠡ ᠶᠢᠨ ᠴᠡᠭ ᠢ ᠢᠳᠡᠪᠬᠢᠲᠡᠢ ᠡᠷᠢᠯᠬᠢᠯᠡᠵᠦ᠂ ᠮᠡᠷᠭᠡᠵᠢᠯ ᠤᠨ ᠳᠠᠪᠠᠭᠤᠯᠢᠭ ᠢᠶᠠᠨ ᠣᠷᠣᠨ | ᠨᠤᠲᠤᠭ ᠤᠨ ᠬᠥᠭᠵᠢᠯᠲᠡ ᠶᠢᠨ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠤᠨ᠎ᠠ ᠭᠡᠵᠦ ᠢᠯᠡᠳᠬᠡᠪᠡ᠃ |