| ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠴᠢᠳᠠᠪᠤᠷᠢ ᠪᠠ ᠬᠢᠷᠢ ᠲᠦᠪᠰᠢᠨ ᠢ ᠪᠥᠬᠦ ᠲᠠᠯ᠎ᠠ ᠪᠠᠷ | ᠳᠡᠭᠡᠭᠰᠢᠯᠡᠭᠦᠯᠬᠦ ᠶᠢᠨ ᠲᠥᠯᠥᠭᠡ᠂ 5 ᠰᠠᠷ᠎ᠠ ᠶᠢᠨ 15 ᠤ ᠡᠳᠦᠷ ᠬᠤᠷᠴᠢᠨ ᠪᠠᠷᠠᠭᠤᠨ ᠭᠠᠷᠤᠨ ᠡᠮᠦᠨᠡᠲᠦ | ᠬᠤᠰᠢᠭᠤᠨ ᠤ ᠬᠢᠨ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠲᠥᠪ ᠤᠨ ᠵᠢᠷᠤᠮᠵᠢᠭᠤᠯᠤᠭᠰᠠᠨ | ᠪᠠᠶᠢᠭᠤᠯᠤᠯᠲᠠ ᠶᠢ ᠳᠥᠯᠭᠢᠨ ᠠᠬᠢᠭᠤᠯᠬᠤ ᠬᠤᠷᠠᠯ ᠬᠤᠷᠠᠯᠳᠤᠭᠤᠯᠪᠠ᠃ ᠬᠤᠰᠢᠭᠤᠨ ᠤ ᠨᠠᠮ ᠤᠨ ᠬᠤᠷᠢᠶ᠎ᠠ ᠶᠢᠨ | ᠬᠠᠮᠢᠶ᠎ᠠ ᠪᠥᠬᠦᠶ ᠤᠳᠤᠷᠢᠳᠤᠯᠭ᠎ᠠ ᠬᠤᠷᠠᠯ ᠳᠤ ᠣᠷᠣᠯᠴᠠᠵᠤ᠂ ᠬᠤᠰᠢᠭᠤᠨ ᠤ ᠤᠯᠤᠰ ᠲᠥᠷᠥ ᠬᠠᠤᠯᠢ ᠴᠠᠭᠠᠵᠠ᠂ | ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ᠂ ᠡᠯ᠎ᠡ ᠰᠤᠮᠤ | ᠰᠢᠶᠠᠩ ᠪᠠᠯᠭᠠᠰᠤ ᠶᠢᠨ ᠤᠯᠤᠰ ᠲᠥᠷᠥ ᠬᠠᠤᠯᠢ ᠴᠠᠭᠠᠵᠠ ᠶᠢᠨ ᠭᠡᠰᠢᠭᠦᠨ ᠨᠠᠷ ᠬᠤᠷᠠᠯ ᠳᠤ ᠣᠷᠣᠯᠴᠠᠵᠠᠶ᠃ | ᠬᠤᠷᠠᠯ ᠠᠴᠠ ᠡᠮᠦᠨ᠎ᠡ᠂ ᠬᠤᠷᠠᠯ ᠳᠤ ᠣᠷᠣᠯᠴᠠᠭᠰᠠᠳ ᠬᠤᠰᠢᠭᠤᠨ ᠤ ᠲᠠᠰ ᠤᠨ ᠶᠡᠷᠦᠩᠬᠡᠶᠢᠯᠡᠨ ᠵᠠᠰᠠᠬᠤ | ᠲᠥᠪ ᠢ ᠲᠤᠬᠠᠶ ᠶᠢᠨ ᠭᠠᠵᠠᠷ ᠲᠤᠨᠢ ᠲᠣᠭᠤᠷᠢᠨ ᠦᠵᠡᠵᠦ᠂ ᠶᠡᠷᠦᠩᠬᠡᠶᠢᠯᠡᠨ ᠵᠠᠰᠠᠬᠤ ᠲᠥᠪ ᠤᠨ ᠴᠢᠳᠠᠮᠵᠢ ᠶᠢᠨ | ᠪᠠᠶᠢᠷᠢᠰᠢᠭᠤᠯᠤᠯᠲᠠ᠂ ᠠᠵᠢᠯᠯᠠᠭᠠᠨ ᠤ ᠵᠠᠭᠪᠤᠷ ᠪᠣᠯᠤᠨ ᠠᠵᠢᠯ ᠤᠨ ᠦᠷ᠎ᠡ ᠪᠦᠲᠦᠮᠵᠢ ᠶᠢ ᠰᠢᠭᠤᠳ ᠤᠶᠢᠯᠠᠭᠠᠨ᠂ | ᠲᠠᠷᠠᠭᠠᠴᠢ ᠶᠢᠨ ᠠᠵᠢᠯ ᠢ ᠥᠷᠨᠢᠭᠦᠯᠬᠦ ᠳᠤ ᠦᠢᠯᠡᠳᠦᠯᠭᠡ ᠶᠢᠨ ᠯᠠᠪᠯᠠᠯᠲᠠ ᠪᠤᠯᠭᠠᠵᠠᠢ᠃ | ᠬᠤᠷᠠᠯ ᠠᠴᠠ ︽ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠡᠶᠢᠭᠡᠮ ᠤᠨ ᠠᠮᠤᠷ ᠲᠦᠪᠰᠢᠨ ᠢ | ᠶᠡᠷᠦᠩᠬᠡᠶᠢᠯᠡᠨ ᠵᠠᠰᠠᠬᠤ ᠲᠥᠪ ᠤᠨ ᠵᠢᠷᠤᠮᠵᠢᠭᠤᠯᠤᠭᠰᠠᠨ ᠪᠠᠶᠢᠭᠤᠯᠤᠯᠲᠠ ᠶᠢᠨ ᠠᠵᠢᠯ ᠤᠨ ᠬᠡᠷᠡᠭᠵᠢᠭᠦᠯᠬᠦ ᠲᠥᠰᠦᠯ︾ | ᠤᠨ ᠲᠣᠭᠤᠷᠢᠨ ᠳᠤ᠂ ᠪᠥᠬᠦ ᠬᠤᠰᠢᠭᠤᠨ ᠤ ᠶᠡᠷᠦᠩᠬᠡᠶᠢᠯᠡᠨ ᠵᠠᠰᠠᠬᠤ ᠲᠥᠪ ᠤᠨ ᠵᠢᠷᠤᠮᠵᠢᠭᠤᠯᠤᠭᠰᠠᠨ | ᠪᠠᠶᠢᠭᠤᠯᠤᠯᠲᠠ ᠶᠢᠨ ᠪᠠᠷᠢᠮᠵᠢᠶ᠎ᠠ᠂ ᠠᠵᠢᠯᠯᠠᠭᠠᠨ ᠤ ᠲᠣᠭᠲᠠᠴᠠ᠂ ᠠᠵᠢᠯ ᠤᠨ ᠲᠠᠰ ᠳᠠᠷᠠᠭᠠᠯᠠᠯ ᠵᠢᠴᠢ | ᠬᠠᠮᠢᠶᠠᠷᠤᠯᠲᠠ ᠶᠢᠨ ᠠᠷᠭ᠎ᠠ ᠳᠤ ᠰᠢᠰᠲ᠋ᠧᠮ ᠲᠠᠢ ᠲᠠᠶᠢᠯᠤᠮᠵᠢ ᠬᠢᠵᠡᠶ᠃ | ᠬᠤᠷᠠᠯ ᠠᠴᠠ᠂ ᠡᠯ᠎ᠡ ᠭᠠᠵᠠᠷ ᠵᠢᠴᠢ ᠣᠷᠣᠵᠤ ᠰᠠᠭᠤᠭᠰᠠᠨ ᠪᠠᠶᠢᠭᠤᠯᠭ᠎ᠠ ᠨᠢᠭᠡᠴᠢ ᠶᠡᠷᠦᠩᠬᠡᠶᠢᠯᠡᠨ ᠵᠠᠰᠠᠬᠤ | ᠲᠥᠪ ᠤᠨ ᠴᠢᠳᠠᠮᠵᠢ ᠶᠢᠨ ᠪᠠᠶᠢᠷᠢ ᠲᠣᠭᠲᠠᠭᠠᠯᠲᠠ ᠲᠠᠢ ᠨᠢᠭᠲᠠ ᠤᠶᠠᠯᠳᠤᠭᠤᠯᠵᠤ᠂ ᠠᠵᠢᠯᠳᠠᠨ ᠤ ᠴᠢᠳᠠᠪᠤᠷᠢ ᠶᠢ | ᠨᠡᠶᠢᠯᠡᠭᠦᠯᠬᠦ᠂ ᠰᠠᠯᠠᠭ᠎ᠠ ᠮᠥᠴᠢᠷ ᠤᠨ ᠬᠤᠯᠪᠣᠭᠠᠯᠠᠨ ᠬᠥᠳᠡᠯᠦᠯᠴᠡᠬᠦ ᠶᠢ ᠨᠢᠭᠡ ᠴᠤᠭᠴᠠᠵᠢᠭᠤᠯᠬᠤ᠂ ᠵᠥᠷᠢᠴᠡᠯ ᠢ | ᠨᠠᠮᠳᠠᠭᠤᠯᠬᠤ ᠶᠠᠪᠤᠴᠠ ᠶᠢ ᠴᠢᠩᠭ᠎ᠠ ᠵᠢᠷᠤᠮᠵᠢᠭᠤᠯᠬᠤ ᠶᠢ ᠪᠡᠶᠡᠯᠡᠭᠦᠯᠬᠦ ᠶᠢ ᠠᠬᠢᠭᠤᠯᠬᠤ ᠬᠡᠷᠡᠭᠲᠡᠢ᠃ ᠤᠬᠠᠭᠤᠯᠭ᠎ᠠ ᠶᠢᠨ | ᠡᠷᠴᠢᠮ ᠢᠶᠠᠨ ᠴᠢᠩᠭᠠᠷᠠᠭᠤᠯᠵᠤ᠂ ᠪᠠᠶᠢᠩᠭᠤ ᠰᠠᠭᠤᠭ᠎ᠠ᠂ ᠡᠭᠡᠯᠵᠢᠯᠡᠨ ᠰᠠᠭᠤᠭ᠎ᠠ᠂ ᠳᠠᠭᠠᠵᠤ ᠰᠠᠭᠤᠭ᠎ᠠ ᠰᠠᠯᠠᠭ᠎ᠠ | ᠮᠥᠴᠢᠷ ᠤᠨ ᠨᠡᠷᠡᠰ ᠵᠢᠴᠢ ᠠᠵᠢᠯᠯᠠᠬᠤ ᠴᠠᠭ ᠢ ᠰᠠᠨᠠᠭᠠᠴᠢᠯᠠᠭ᠎ᠠ ᠠᠴᠠ ᠪᠠᠨ ᠵᠠᠷᠯᠠᠨ ᠨᠡᠶᠢᠲᠡᠯᠡᠵᠦ᠂ ᠣᠯᠠᠨ ᠲᠦᠮᠡᠨ ᠤ | ᠶᠡᠷᠦᠩᠬᠡᠶᠢᠯᠡᠨ ᠵᠠᠰᠠᠬᠤ ᠲᠥᠪ ᠢ ᠣᠶᠢᠯᠠᠭᠠᠬᠤ ᠨᠣᠷᠮ᠎ᠠ ᠪᠠ ᠣᠷᠣᠯᠴᠠᠬᠤ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠶ | ᠭᠡᠵᠦ ᠱᠠᠭᠠᠷᠳᠠᠪᠠ᠃ | ᠬᠤᠷᠠᠯ ᠠᠴᠠ᠂ ᠪᠥᠬᠦ ᠬᠤᠰᠢᠭᠤᠨ ᠤ ᠳᠡᠭᠡᠳᠦ ᠳᠣᠤᠷᠠᠳᠤ ᠱᠠᠲᠤᠨ ᠤ ᠬᠢᠨ ᠦᠵᠡᠯ ᠰᠠᠨᠠᠭᠠᠨ ᠤ ᠬᠠᠮᠲᠤ ᠶᠢᠨ | ᠲᠠᠨᠢᠯᠲᠠ ᠪᠠᠨ ᠤᠯᠠᠮ ᠨᠢᠭᠡ ᠠᠯᠬᠤᠮ ᠨᠢᠭᠲᠠᠷᠠᠭᠤᠯᠵᠤ᠂ ᠶᠡᠷᠦᠩᠬᠡᠶᠢᠯᠡᠨ ᠵᠠᠰᠠᠬᠤ ᠲᠥᠪ ᠢ ᠵᠢᠷᠤᠮᠵᠢᠭᠤᠯᠤᠨ | ᠪᠠᠶᠢᠭᠤᠯᠬᠤ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ᠡᠯ᠎ᠡ ᠵᠦᠢᠯ ᠤᠨ ᠠᠵᠢᠯ ᠢ ᠨᠠᠷᠢᠨ ᠪᠣᠳᠠᠲᠠᠶ | ᠠᠳᠬᠤᠬᠤ ᠬᠡᠷᠡᠭᠲᠡᠶ᠃ ︽ᠵᠥᠷᠢᠴᠡᠯ ᠠᠶᠤᠯ ᠲᠦᠭᠰᠢᠭᠦᠷᠢ ᠶᠢ ᠨᠠᠮᠳᠠᠭᠤᠯᠤᠨ ᠨᠡᠶᠢᠭᠡᠮ ᠤᠨ ᠲᠣᠭᠲᠠᠭᠤᠨ ᠢ | ᠬᠠᠮᠠᠭᠠᠯᠠᠬᠤ︾ ᠲᠤᠰᠬᠠᠢ ᠵᠠᠰᠠᠯᠲᠠ ᠪᠣᠯᠤᠨ ᠶᠡᠷᠦᠩᠬᠡᠶᠢᠯᠡᠨ ᠵᠠᠰᠠᠬᠤ ᠲᠥᠪ ᠤᠨ ᠵᠢᠷᠤᠮᠵᠢᠭᠤᠯᠤᠭᠰᠠᠨ | ᠪᠠᠶᠢᠭᠤᠯᠤᠯᠲᠠ ᠪᠠᠷ ᠭᠠᠷᠳᠠᠴᠠ ᠪᠣᠯᠭᠠᠵᠤ᠂ ᠬᠤᠪᠢ ᠬᠥᠮᠦᠨ ᠤ ᠬᠡᠲᠦᠷᠡᠮᠡᠬᠡᠢ ᠠᠶᠤᠯ ᠲᠦᠭᠰᠢᠭᠦᠷᠢ ᠶᠢ ᠰᠡᠷᠭᠡᠶᠢᠯᠡᠨ | ᠠᠷᠢᠯᠭᠠᠬᠤ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠵᠤ᠂ ᠬᠦᠯᠢᠶᠡᠨ ᠠᠪᠴᠤ | ᠰᠢᠢᠳᠪᠦᠷᠢᠯᠡᠬᠦ ᠶᠠᠪᠤᠴᠠ ᠶᠢ ᠴᠢᠩᠭ᠎ᠠ ᠵᠢᠷᠤᠮᠵᠢᠭᠤᠯᠵᠤ᠂ ᠱᠠᠯᠠᠪᠳᠠᠭᠤᠯᠤᠨ ᠭᠦᠢᠴᠡᠳᠬᠡᠯᠭᠡᠵᠦ | ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢᠨ ᠪᠢᠲᠡᠭᠦᠦ ᠴᠠᠭᠠᠷᠢᠭ ᠤᠨ | ᠬᠠᠮᠢᠶᠠᠷᠤᠯᠲᠠ ᠶᠢ ᠪᠡᠶᠡᠯᠡᠭᠦᠯᠬᠦ ᠬᠡᠷᠡᠭᠲᠡᠢ᠃ ᠨᠠᠩ ᠡᠷᠡᠰ ᠪᠠᠲᠤ ᠵᠣᠷᠢᠭ᠂ ᠨᠠᠩ ᠬᠦᠴᠦᠲᠡᠶ ᠠᠷᠭ᠎ᠠ ᠬᠡᠮᠵᠢᠶ᠎ᠡ ᠪᠠᠷ | ᠶᠡᠷᠦᠩᠬᠡᠶᠢᠯᠡᠨ ᠵᠠᠰᠠᠬᠤ ᠲᠥᠪ ᠤᠨ ᠵᠢᠷᠤᠮᠵᠢᠭᠰᠠᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ ᠲᠣᠭᠲᠠᠭᠰᠠᠨ | ᠬᠤᠭᠤᠴᠠᠭᠠᠨ ᠳᠤ ᠴᠢᠨᠠᠷ ᠰᠠᠶᠢᠲᠠᠶ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃ |