| 5 ᠰᠠᠷ᠎ᠠ ᠶᠢᠨ 16 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠲᠥᠪ ᠤᠨ ᠨᠠᠢᠮᠠᠨ | ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠲᠤᠰᠬᠠᠶ | ᠰᠡᠳᠦᠪᠲᠦ ᠪᠣᠯᠪᠠᠰᠤᠷᠠᠯ ᠥᠷᠨᠢᠭᠦᠯᠪᠡ᠃ ᠬᠢᠩᠭᠠᠨ ᠠᠶᠢᠮᠠᠭ ᠤᠨ ᠵᠠᠬᠢᠷᠭ᠎ᠠ ᠶᠢᠨ ᠳᠡᠳ᠋ ᠳᠠᠷᠤᠭ᠎ᠠ᠂ ᠬᠤᠷᠴᠢᠨ | ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠱᠤ᠋ ᠲᠤᠤ᠂ ᠬᠤᠰᠢᠭᠤᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠸᠠᠩ ᠵᠢᠶᠠ ᠪᠥᠸᠧ | ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠶᠤᠸᠠᠢ ᠰᠥᠩ ᠱᠠᠨ ᠵᠡᠷᠭᠡ ᠬᠤᠰᠢᠭᠤᠨ ᠤ | ᠳᠥᠷᠪᠡᠨ ᠶᠡᠭᠡ ᠪᠠᠭ ᠤᠨ ᠤᠳᠤᠷᠢᠳᠤᠯᠭ᠎ᠠ ᠵᠢᠴᠢ ᠪᠥᠬᠦ ᠬᠤᠰᠢᠭᠤᠨ ᠤ ᠰᠠᠯᠠᠭᠠᠨ ᠤ ᠲᠠᠰ ᠠᠴᠠ ᠳᠡᠭᠡᠭᠰᠢᠬᠢ | ᠤᠳᠤᠷᠢᠳᠬᠤ ᠺᠠᠳ᠋ᠷ ᠪᠣᠯᠪᠠᠰᠤᠷᠠᠯ ᠳᠤ ᠣᠷᠣᠯᠴᠠᠵᠠᠶ᠃ | ᠰᠦᠨ ᠱᠤ᠋ ᠲᠤᠤ ᠲᠤᠰᠬᠠᠢ ᠰᠡᠳᠦᠪᠲᠦ ᠪᠣᠯᠪᠠᠰᠤᠷᠠᠯ ᠤᠨ ᠲᠠᠯ᠎ᠠ ᠪᠠᠷ᠂ ᠲᠥᠪ ᠤᠨ ᠨᠠᠢᠮᠠᠨ ᠲᠣᠭᠲᠠᠭᠠᠯ ᠤᠨ | ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠪᠣᠯ ᠨᠠᠮ ᠤᠨ ᠭᠡᠰᠢᠭᠦᠨ | ᠺᠠᠳ᠋ᠷᠴᠤᠳ ᠲᠤ ᠬᠢᠭᠰᠡᠨ ᠨᠢᠭᠡ ᠤᠳᠠᠭ᠎ᠠ ᠶᠢᠨ ᠭᠦᠨᠵᠡᠭᠡᠢ ᠬᠥᠮᠦᠵᠢᠯ ᠪᠣᠯᠬᠤ ᠪᠠᠷ ᠪᠠᠷᠠᠬᠤ ᠦᠭᠡᠢ᠂ ᠨᠡᠩ ᠴᠤ | ᠨᠠᠮ ᠤᠨ ᠰᠤᠷᠲᠠᠯ ᠤᠨ ᠪᠠᠶᠢᠭᠤᠯᠤᠯᠲᠠ ᠶᠢᠨ ᠨᠢᠭᠡ ᠤᠳᠠᠭ᠎ᠠ ᠶᠢᠨ ᠪᠦᠬᠦ ᠲᠠᠯ᠎ᠠ ᠶᠢᠨ ᠰᠢᠯᠭᠠᠨ ᠪᠠᠶᠢᠴᠠᠭᠠᠯᠲᠠ | ᠪᠣᠯᠤᠨ᠎ᠠ᠃ ᠪᠦᠬᠦ ᠬᠤᠰᠢᠭᠤᠨ ᠤ ᠡᠯ᠎ᠡ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠤᠯᠤᠰ | ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠵᠦ | ᠂ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠰᠢ ᠶᠢᠨ ᠫᠢᠩ ᠶᠡᠷᠦᠩᠬᠡᠢ ᠱᠦᠵᠢ ᠶᠢᠨ | ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠰᠤᠷᠤᠯᠴᠠᠯᠭ᠎ᠠ ᠬᠥᠮᠦᠵᠢᠯ ᠢ ᠥᠨᠳᠥᠷ | ᠪᠠᠷᠢᠮᠵᠢᠶ᠎ᠠ ᠪᠠᠷ᠂ ᠴᠢᠨᠠᠷ ᠰᠠᠶᠢᠲᠠᠢ ᠥᠷᠨᠢᠭᠦᠯᠵᠦ᠂ ᠠᠵᠢᠯ ᠤᠨ ᠰᠤᠷᠲᠠᠯ ᠢᠶᠠᠨ ᠴᠢᠨᠠᠭᠰᠢᠳᠠ ᠰᠠᠶᠢᠵᠢᠷᠠᠭᠤᠯᠤᠨ᠂ | ᠤᠯᠠᠨ ᠲᠦᠮᠡᠨ ᠲᠠᠢ ᠨᠢᠭᠲᠠ ᠬᠠᠷᠢᠯᠴᠠᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ | ᠨᠠᠶᠢᠳᠠᠪᠤᠷᠢᠵᠢᠭᠤᠯᠬᠤ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ᠂ ᠠᠵᠢᠯᠯᠠᠭᠠᠨ ᠤ | ᠤᠬᠠᠮᠰᠠᠷ ᠢᠶᠠᠨ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ᠃ ᠡᠯ᠎ᠡ ᠨᠠᠮ ᠤᠨ ᠬᠤᠷᠢᠶ᠎ᠠ ︵ᠨᠠᠮ ᠤᠨ | ᠤᠳᠤᠷᠢᠳᠬᠤ ᠳᠤᠭᠤᠶᠢᠯᠠᠩ︶᠂ ᠢᠯᠠᠩᠭᠤᠶ᠎ᠠ ᠨᠢᠭᠡᠳᠦᠭᠡᠷ ᠬᠠᠷᠢᠭᠤᠴᠠᠯᠭᠠᠲᠠᠨ ᠪᠡᠶ᠎ᠡ ᠪᠠᠷ ᠢᠶᠠᠨ ᠬᠡᠪ ᠲᠦᠷᠢᠮ ᠪᠤᠯᠵᠤ | ᠂ ᠵᠢᠱᠢᠶ᠎ᠡ ᠦᠵᠡᠭᠦᠯᠵᠦ ᠬᠦᠳᠦᠯᠦᠨ ᠳᠠᠭᠠᠭᠤᠯᠬᠤ ᠶᠢ ᠴᠢᠩᠭᠠᠳᠬᠠᠨ᠂ ᠠᠵᠢᠯ ᠤᠨ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠵᠤ᠂ ︽ᠰᠤᠷᠤᠯᠴᠠᠬᠤ︾ ᠶᠢ ᠢᠮᠠᠭᠲᠠ ᠲᠤᠭᠤᠰᠢᠯᠠᠭᠤᠯᠤᠨ᠂ ᠰᠤᠷᠤᠯᠴᠠᠬᠤ ᠶᠢ ᠪᠠᠶᠢᠴᠠᠭᠠᠨ | ᠰᠠᠶᠢᠵᠢᠷᠠᠭᠤᠯᠬᠤ ᠶᠢ ᠨᠢᠭᠡ ᠴᠤᠭᠴᠠᠵᠢᠭᠤᠯᠤᠨ ᠠᠬᠢᠭᠤᠯᠵᠤ᠂ ᠲᠣᠭᠲᠠᠭᠠᠯ ᠠᠴᠠ ᠵᠥᠷᠢᠴᠡᠵᠦ ᠢᠳᠡᠵᠦ ᠤᠤᠭᠤᠬᠤ | ᠠᠵᠢᠯᠯᠠᠭ᠎ᠠ ᠶᠢ ᠲᠦᠷᠦᠭᠦᠯᠡᠨ ᠬᠤᠷᠢᠭᠯᠠᠵᠤ᠂ ᠥᠪᠡᠷ ᠢ ᠪᠠᠨ ᠴᠢᠩᠭ᠎ᠠ ᠱᠠᠭᠠᠷᠳᠠᠵᠤ᠂ ᠬᠠᠷᠢᠭᠤᠴᠠᠯᠭ᠎ᠠ ᠪᠠᠨ ᠴᠢᠩᠭ᠎ᠠ | ᠡᠭᠦᠷᠭᠡᠯᠡᠨ᠂ ᠬᠠᠷᠢᠶᠠᠯᠠᠯ ᠢᠶᠠᠨ ᠴᠢᠩᠭ᠎ᠠ ᠬᠠᠮᠢᠶᠠᠷᠬᠤ ᠶᠢ ᠡᠷᠡᠰ ᠪᠡᠶᠡᠯᠡᠭᠦᠯᠵᠦ᠂ ᠥᠷᠭᠡᠨ ᠤᠯᠠᠨ ᠨᠠᠮ ᠤᠨ ᠭᠡᠰᠢᠭᠦᠨ᠂ | ᠺᠠᠳ᠋ᠷᠴᠤᠳ ᠢ ᠲᠠᠶᠢᠴᠢᠯᠠᠨ ᠰᠠᠶᠢᠨ ᠰᠠᠶᠢᠬᠠᠨ ᠨᠠᠮ ᠤᠨ ᠰᠤᠷᠲᠠᠯ ᠵᠠᠰᠠᠭ ᠤᠨ ᠰᠤᠷᠲᠠᠯ ᠢ ᠲᠠᠰᠤᠷᠠᠯᠳᠠ ᠦᠭᠡᠢ ᠪᠤᠢ | ᠪᠣᠯᠭᠠᠬᠤ ᠬᠡᠷᠡᠭᠲᠡᠢ᠃ ᠠᠰᠠᠭᠤᠳᠠᠯ ᠢ ᠪᠠᠶᠢᠴᠠᠭᠠᠨ ᠳᠡᠯᠭᠡᠬᠦ ᠪᠠ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠪᠣᠳᠠᠲᠠᠢ | ᠠᠳᠬᠤᠵᠤ᠂ ᠠᠰᠠᠭᠤᠳᠠᠯ ᠢ ᠡᠷᠢᠬᠦ ᠳᠤ ᠨᠢᠭᠤᠵᠤ ᠳᠠᠯᠳᠠᠯᠠᠬᠤ ᠦᠭᠡᠢ ᠪᠠᠶᠢᠵᠤ᠂ ᠴᠡᠭᠴᠡᠯᠡᠨ ᠰᠠᠶᠢᠵᠢᠷᠠᠭᠤᠯᠬᠤ | ᠠᠰᠠᠭᠤᠳᠠᠯ᠂ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠳᠤ ᠦᠨᠡᠨ ᠪᠣᠳᠠᠲᠠᠢ ᠬᠠᠨᠳᠤᠵᠤ᠂ ᠤᠳᠤ ᠶᠢᠨ | ᠬᠡᠷᠡᠭᠵᠢᠭᠦᠯᠵᠦ ᠪᠠᠶᠢᠭ᠎ᠠ ᠠᠰᠠᠭᠤᠳᠠᠯ ᠢ ᠠᠳᠬᠤᠵᠤ᠂ ᠨᠡᠶᠢᠲᠡᠯᠢᠭ ᠵᠢᠱᠢᠶ᠎ᠡ ᠶᠢ ᠠᠳᠬᠤᠵᠤ᠂ ᠤᠯᠠᠨ ᠳᠤ ᠵᠠᠷᠯᠠᠬᠤ ᠶᠢ | ᠠᠳᠬᠤᠬᠤ ᠬᠡᠷᠡᠭᠲᠡᠢ᠃ ᠲᠥᠪᠯᠡᠷᠡᠭᠦᠯᠦᠨ ᠴᠡᠭᠴᠡᠯᠡᠨ ᠵᠠᠰᠠᠬᠤ ᠲᠤᠪᠤᠶᠢᠮ᠎ᠠ ᠠᠰᠠᠭᠤᠳᠠᠯ ᠳᠤ ᠴᠢᠭᠯᠡᠭᠦᠯᠦᠨ᠂ | ᠲᠦᠷᠢᠮ ᠢ ᠴᠠᠭ ᠲᠤᠬᠠᠢ ᠳᠤᠨᠢ ᠲᠡᠭᠦᠯᠳᠡᠷᠵᠢᠭᠦᠯᠵᠦ᠂ ᠠᠯᠳᠠᠰᠢ ᠭᠠᠷᠬᠤ ᠶᠢ ᠬᠤᠷᠢᠭᠯᠠᠵᠤ᠂ ᠰᠤᠷᠤᠯᠴᠠᠯᠭ᠎ᠠ | ᠬᠥᠮᠦᠵᠢᠯ ᠤᠨ ᠳᠤᠮᠳᠠᠬᠢ ᠲᠤᠷᠰᠢᠯᠭ᠎ᠠ ᠠᠷᠭ᠎ᠠ ᠬᠢᠳᠡᠯ ᠢ ᠳ᠋ᠦᠩᠨᠡᠵᠦ᠂ ᠨᠠᠮ ᠤᠨ ᠭᠡᠰᠢᠭᠦᠨ ᠤᠳᠤᠷᠢᠳᠬᠤ | ᠺᠠᠳ᠋ᠷᠴᠤᠳ ᠤᠨ ᠨᠠᠮ ᠤᠨ ᠰᠢᠯᠢᠳᠡᠭ ᠰᠤᠷᠲᠠᠯ ᠢ ᠵᠠᠩ ᠳᠠᠳᠬᠠᠯ ᠲᠠᠢ ᠪᠣᠯᠭᠠᠵᠤ᠂ ᠬᠡᠪ ᠵᠠᠩᠰᠢᠯ ᠪᠣᠯᠭᠠᠨ | ᠬᠤᠪᠢᠷᠠᠭᠤᠯᠬᠤ ᠶᠢ ᠠᠬᠢᠭᠤᠯᠬᠤ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠰᠤᠷᠤᠯᠴᠠᠯᠭ᠎ᠠ | ᠬᠥᠮᠦᠵᠢᠯ ᠢᠶᠠᠷ ᠠᠵᠠ ᠲᠣᠬᠢᠶᠠᠯ ᠪᠣᠯᠭᠠᠵᠤ᠂ ᠰᠤᠷᠲᠠᠯ ᠢᠶᠠᠨ ᠰᠠᠶᠢᠵᠢᠷᠠᠭᠤᠯᠵᠤ᠂ ᠬᠦᠴᠢᠷ ᠢ ᠲᠤᠭᠤᠯᠤᠨ ᠪᠡᠷᠭᠡ ᠶᠢ | ᠳᠠᠪᠠᠵᠤ᠂ ᠠᠵᠢᠯ ᠬᠢᠵᠦ ᠦᠢᠯᠡᠰ ᠪᠤᠰᠬᠠᠬᠤ ᠴᠤᠭ ᠰᠦᠯᠳᠡ ᠪᠠᠨ ᠪᠠᠳᠠᠷᠠᠭᠤᠯᠵᠤ᠂ ᠡᠯ᠎ᠡ ᠵᠦᠢᠯ ᠤᠨ ᠠᠵᠢᠯ ᠤᠨ | ᠶᠠᠰᠤ ᠴᠢᠨᠠᠷ ᠦᠷ᠎ᠡ ᠪᠦᠲᠦᠮᠵᠢ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ ᠭᠡᠵᠡᠢ᠃ | ᠪᠤᠯᠪᠠᠰᠤᠷᠠᠯ ᠳᠤ᠂ ᠳᠡᠭᠡᠳᠦ ᠱᠠᠲᠤᠨ ᠤ ᠬᠠᠮᠢᠶ᠎ᠠ ᠪᠦᠬᠦᠢ ᠬᠤᠷᠠᠯ ᠤᠨ ᠵᠣᠷᠢᠭ ᠰᠠᠨᠠᠭ᠎ᠠ ᠪᠣᠯᠤᠨ ᠠᠵᠢᠯ ᠤᠨ | ᠱᠠᠭᠠᠷᠳᠠᠯᠭ᠎ᠠ ᠶᠢ ᠤᠯᠠᠮᠵᠢᠯᠠᠵᠤ᠂ ᠠᠶᠢᠮᠠᠭ ᠤᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠨᠠᠮ ᠤᠨ | ᠲᠡᠦᠬᠡ ᠨᠠᠮ ᠤᠨ ᠪᠠᠶᠢᠭᠤᠯᠤᠯᠲᠠ ᠶᠢᠨ ᠵᠢᠭᠠᠨ ᠰᠤᠳᠤᠯᠬᠤ ᠲᠠᠰᠤᠭ ᠤᠨ ᠡᠷᠬᠢᠯᠡᠭᠴᠢ᠂ ᠫᠷᠤᠹᠧᠰᠰᠤᠷ ᠵᠤᠤ ᠶᠢᠩ | ᠨᠠᠮ ᠤᠨ ᠰᠤᠷᠲᠠᠯ ᠤᠨ ᠪᠠᠶᠢᠭᠤᠯᠤᠯᠲᠠ ᠶᠢᠨ ᠶᠠᠪᠤᠴᠠ᠂ ᠲᠥᠪ ᠤᠨ ᠨᠠᠢᠮᠠᠨ ᠲᠣᠭᠲᠠᠭᠠᠯ ᠤᠨ ᠠᠭᠤᠯᠭ᠎ᠠ ᠪᠣᠯᠤᠨ | ᠰᠡᠩᠬᠡᠷᠡᠭᠦᠯᠦᠯ ᠵᠡᠷᠭᠡ ᠲᠠᠯ᠎ᠠ ᠪᠠᠷ ᠭᠤᠣᠯᠳᠠᠭᠤᠯᠵᠤ ︽ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ | ᠴᠢᠩᠭᠠᠳᠬᠠᠬᠤ ᠲᠤᠬᠠᠢ ᠥᠭᠦᠯᠡᠯᠲᠡ ᠶᠢᠨ ᠲᠡᠭᠦᠪᠦᠷᠢ︾ ᠳᠤ ᠲᠠᠶᠢᠯᠤᠮᠵᠢ ᠬᠢᠵᠦ᠂ ᠪᠣᠯᠪᠠᠰᠤᠷᠠᠯ ᠳᠤ ᠣᠷᠣᠯᠴᠠᠭᠰᠠᠳ | ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠦᠵᠡᠪᠡ᠃ |