ᠮᠠᠯᠴᠢᠨ ᠲᠠᠷᠢᠶᠠᠴᠢᠨ ᠤ ︽ᠰᠡᠳᠬᠢᠯ ᠤᠨ ᠬᠦᠮᠥᠨ︾
ᠨᠡᠶᠢᠲᠡᠯᠡᠭᠰᠡᠨ ᠴᠠᠭ᠄
2025/5/22
      — ᠪᠦᠬᠦ ᠤᠯᠤᠰ ᠤᠨ ᠳᠡᠷᠢᠬᠦᠨ ᠤ ᠠᠵᠢᠯᠳᠠᠨ᠂ ᠬᠤᠷᠴᠢᠨ ᠪᠠᠷᠠᠭᠤᠨ ᠭᠠᠷᠥᠨ ᠡᠮᠥᠨᠡᠳᠥ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠡᠰᠢᠬᠦᠨ᠂ ᠭᠤᠷᠪᠠᠳᠤᠭᠠᠷ ᠪᠠᠶᠢᠴᠠᠭᠠᠬᠤ ᠭᠠᠵᠠᠷ ᠤᠨ ᠡᠷᠬᠢᠯᠡᠭᠴᠢ ᠴᠦᠨ ᠬᠤᠸᠠ ᠶᠢ ᠲᠡᠮᠳᠡᠭᠯᠡᠪᠡ            ● ᠰᠤᠷᠪᠤᠯᠵᠢᠯᠠᠭᠴᠢ ᠤᠷᠠᠨᠳᠤᠳᠢ ᠱᠤᠸᠠᠩ ᠴᠢᠥᠸᠠᠨ      ᠲᠦᠷᠥᠬᠦᠭᠡᠨ ᠪᠢᠳᠡ ᠬᠢᠨᠭ᠍ᠭᠠᠨ ᠠᠶᠢᠮᠠᠭ ᠤᠨ ᠬᠤᠷᠴᠢᠨ ᠪᠠᠷᠠᠭᠤᠨ ᠭᠠᠷᠥᠨ ᠡᠮᠥᠨᠡᠳᠥ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠡᠰᠢᠬᠦᠨ᠂ ᠭᠤᠷᠪᠠᠳᠤᠭᠠᠷ ᠪᠠᠶᠢᠴᠠᠭᠠᠬᠤ ᠭᠠᠵᠠᠷ ᠤᠨ ᠡᠷᠬᠢᠯᠡᠭᠴᠢ ᠴᠦᠨ ᠬᠤᠸᠠ ᠨᠦᠬᠦᠷ ᠪᠦᠬᠦ ᠤᠯᠤᠰ ᠤᠨ ᠳᠡᠷᠢᠬᠦᠨ ᠤ ᠠᠵᠢᠯᠳᠠᠨ ᠢᠶᠠᠷ ᠬᠦᠬᠢᠬᠦᠯᠥᠭᠳᠡᠭᠰᠡᠨ ᠬᠠᠯᠠᠭᠤᠨ ᠴᠢᠮᠡᠭᠡ ᠪᠠᠷ᠂ ᠳᠡᠬᠦᠨ ᠢ ᠰᠤᠷᠪᠤᠯᠵᠢᠯᠠᠬᠤ ᠪᠠᠷ ᠤᠴᠢᠬᠤ ᠳᠤ᠂ ᠴᠦᠨ ᠬᠤᠸᠠ ᠶᠠᠭ ᠰᠠᠶ᠋ᠢᠬᠠᠨ ᠶᠠᠭᠠᠷᠠᠯᠳᠠᠢ ᠠᠵᠢᠯᠯᠠᠵᠤ ᠪᠠᠶᠢᠯ᠎ᠠ᠃      ᠠᠵᠢᠯ ᠤᠨ ᠪᠠᠶᠢᠷᠢᠨ ᠳᠤ ᠭᠠᠷᠤᠭᠰᠠᠨ 27 ᠵᠢᠯ ᠤᠨ ᠳᠤᠷᠰᠢ᠂ ᠴᠦᠨ ᠬᠤᠸᠠ ᠡᠬᠦᠷᠭᠡ ᠬᠠᠷᠢᠭᠤᠴᠠᠯᠭ᠎ᠠ ᠪᠠᠨ ᠰᠠᠶᠢᠳᠥᠷ ᠬᠥᠢᠴᠡᠳᠭᠡᠵᠤ᠂ ᠠᠷᠠᠳ ᠤᠯᠠᠨ ᠪᠠ ᠪᠠᠶᠢᠴᠠᠭᠠᠬᠤ ᠠᠵᠢᠯ ᠳᠤ ᠬᠠᠶᠢᠷᠠᠳᠠᠢ ᠰᠡᠳᠬᠢᠯᠭᠡ ᠪᠠᠨ ᠦᠨᠳᠥᠰᠥᠨ ᠱᠠᠳᠥᠨ ᠤ ᠪᠠᠶᠢᠴᠠᠭᠠᠬᠤ ᠠᠵᠢᠯ ᠳᠤ ᠠᠭᠤᠰᠬᠠᠨ᠂ ᠤᠯᠠᠨ ᠲᠦᠮᠡᠨ ᠳᠤ ᠬᠠᠤᠯᠢ ᠴᠠᠭᠠᠵᠠ ᠶᠢᠨ ᠮᠡᠳᠡᠯᠭᠡ ᠶᠢ ᠤᠬᠠᠭᠤᠯᠥᠨ᠂ ᠤᠯᠠᠨ ᠲᠦᠮᠡᠨ ᠤ ᠵᠠᠬᠢᠳᠠᠯ ᠰᠤᠷᠪᠤᠯᠵᠢᠯᠠᠯ ᠤᠨ ᠠᠰᠠᠭᠤᠳᠠᠯ ᠢ ᠬᠠᠯᠠᠮᠵᠢᠯᠠᠨ ᠰᠶᠢᠳᠪᠤᠷᠢᠯᠡᠵᠤ᠂ ᠮᠠᠯᠴᠢᠨ ᠲᠠᠷᠢᠶᠠᠴᠢᠨ ᠤ ︽ᠰᠡᠳᠬᠢᠯ ᠤᠨ ᠬᠦᠮᠥᠨ︾ ᠪᠤᠯᠵᠠᠢ᠃      ᠤᠯᠠᠨ ᠵᠢᠯ ᠤᠨ ᠲᠤᠷᠰᠢ᠂ ᠴᠦᠨ ᠬᠤᠸᠠ 30 ᠭᠠᠷᠤᠢ ᠵᠥᠢᠯ ᠤᠨ ᠠᠵᠢᠯ ᠤᠨ ᠠᠷᠭ᠎ᠠ ᠶᠢ ᠡᠬᠦᠳᠴᠤ᠂ ︽ᠳᠤᠳᠤᠨᠤᠰᠤᠭ ᠢᠶᠠᠷ ᠬᠦᠯᠢᠶᠡᠨ ᠠᠪᠴᠤ᠂ ᠡᠶᠡᠯᠰᠡᠭ ᠢᠶᠠᠷ ᠡᠷᠭᠡ ᠪᠠᠨ ᠬᠠᠮᠠᠭᠠᠯᠠᠬᠤ᠂ ᠬᠢᠨᠠᠮᠠᠭᠠᠢ ᠪᠠᠷ ᠬᠠᠤᠯᠢ ᠳᠠᠶᠢᠯᠪᠤᠷᠢᠯᠠᠬᠤ᠂ ᠳᠠᠷᠤᠤ ᠬᠢᠴᠢᠶᠡᠩᠬᠦᠢ ᠪᠠᠷ ᠬᠠᠤᠯᠢ ᠬᠡᠷᠡᠭᠵᠢᠬᠦᠯᠬᠦ︾ ᠵᠡᠷᠭᠡ ᠪᠠᠶᠢᠴᠠᠭᠠᠬᠤ ᠠᠵᠢᠯ ᠤᠨ ᠥᠢᠯᠡᠴᠢᠯᠡᠭᠡᠨ ᠤ ᠤᠶᠢᠯᠠᠭᠠᠭᠳᠠᠬᠤᠨ ᠢ ᠬᠡᠷᠡᠭᠵᠢᠬᠦᠯᠵᠤ᠂ ᠵᠠᠬᠢᠳᠠᠯ ᠰᠤᠷᠪᠤᠯᠵᠢᠯᠠᠯ ᠤᠨ ᠠᠵᠢᠯ ᠢ ᠰᠠᠶᠢᠳᠥᠷ ᠬᠥᠢᠴᠡᠳᠭᠡᠵᠤ᠂ ᠬᠡᠷᠡᠭ ᠰᠶᠢᠳᠪᠤᠷᠢᠯᠡᠬᠦ ᠨᠤᠷᠮ᠎ᠡ ᠨᠢ 100% ᠳᠤ ᠬᠦᠷᠴᠠᠢ᠃      ᠦᠨᠳᠥᠰᠥᠨ ᠱᠠᠳᠥᠨ ᠤ ᠤᠯᠠᠨ ᠲᠦᠮᠡᠨ ᠳᠤ ᠨᠡᠩ ᠰᠢᠯᠢᠳᠡᠭ ᠬᠠᠤᠯᠢ ᠴᠠᠭᠠᠵᠠ ᠶᠢᠨ ᠥᠢᠯᠡᠴᠢᠯᠡᠭᠡ ᠬᠠᠨᠭ᠍ᠭᠠᠬᠤ ᠶᠢᠨ ᠲᠦᠯᠥᠭᠡ᠂ ᠴᠦᠨ ᠬᠤᠸᠠ 2016 ᠤᠨ ᠳᠤ ︽ᠬᠢᠨᠭ᠍ᠭᠠᠨ ᠤ ᠬᠠᠪᠤᠷ ᠪᠠᠶᠢᠴᠠᠭᠠᠬᠤ ᠠᠵᠢᠯᠯᠠᠬᠤ ᠦᠷᠳᠡᠭᠡ︾ ᠶᠢ ᠪᠠᠶᠢᠭᠤᠯᠥᠨ᠂ ᠮᠠᠯᠴᠢᠨ ᠳᠠᠷᠢᠶᠠᠴᠢᠳ ᠤᠨ ᠵᠠᠬᠢᠳᠠᠯ ᠰᠤᠷᠪᠤᠯᠵᠢᠯᠠᠯ ᠢ ᠴᠠᠭ ᠲᠤᠬᠠᠢ ᠳᠤ ᠨᠢ ᠬᠦᠯᠢᠶᠡᠨ ᠠᠪᠴᠤ ᠰᠶᠢᠳᠪᠤᠷᠢᠯᠡᠨ ᠦᠭᠬᠦᠭᠰᠡᠨ ᠢᠶᠠᠷ ᠪᠠᠷᠠᠬᠤ ᠦᠬᠡᠢ᠂ ᠡᠮᠡᠭᠳᠡᠶᠢᠴᠤᠳ ᠬᠡᠥᠭᠡᠳ ᠤᠨ ᠬᠠᠤᠯᠢ ᠶᠤᠰᠥᠨ ᠤ ᠡᠷᠭᠡ ᠠᠰᠢᠭ ᠢ ᠦᠨᠡᠨᠬᠦ ᠬᠠᠮᠠᠭᠠᠯᠠᠵᠤ᠂ ᠨᠠᠰᠥᠨ ᠳᠤ ᠦᠯᠥ ᠬᠦᠷᠥᠭᠰᠡᠳ ᠤᠨ ᠬᠠᠤᠯᠢ ᠠᠴᠠ ᠵᠦᠷᠢᠴᠡᠭᠰᠡᠨ ᠶᠠᠯᠠᠳᠥ ᠠᠵᠢᠯᠯᠠᠭ᠎ᠠ ᠳᠤ ᠴᠤᠬᠢᠯᠳᠠ ᠦᠭᠬᠦ᠂ ᠦᠨᠡᠨᠴᠢ ᠪᠠᠷ ᠳᠤᠰᠢᠶᠠᠯ ᠬᠠᠷᠢᠭᠤᠴᠠᠯᠭ᠎ᠠ ᠪᠠᠨ ᠬᠥᠢᠴᠡᠳᠭᠡᠬᠦ ᠶᠢ ᠪᠠᠷᠢᠮᠳᠠᠯᠠᠵᠤ᠂ ᠮᠠᠯᠴᠢᠨ ᠳᠠᠷᠢᠶᠠᠴᠢᠳ ᠤᠨ ᠬᠠᠤᠯᠢ ᠶᠤᠰᠥᠨ ᠤ ᠡᠷᠭᠡ ᠠᠰᠢᠭ ᠢ ᠨᠢ ᠬᠠᠮᠠᠭᠠᠯᠠᠭᠰᠠᠨ ᠪᠠᠶᠢᠨ᠎ᠠ᠃      ᠴᠦᠨ ᠬᠤᠸᠠ ᠶᠢᠨ ᠰᠦᠪᠡᠭᠴᠢᠯᠡᠨ ᠡᠬᠦᠳᠥᠭᠰᠡᠨ ︽ᠵᠢᠷᠭᠤᠭᠠᠨ ᠨᠢᠭᠡ︾ ᠶᠢᠨ ᠢᠨᠵᠧᠨᠧᠷᠢᠩ ᠨᠢ ᠰᠤᠷᠪᠤᠯᠵᠢᠯᠠᠬᠤ ᠪᠠᠷ ᠢᠷᠡᠭᠰᠡᠨ ᠤᠯᠠᠨ ᠲᠦᠮᠡᠨ ᠳᠤ ᠪᠠᠶᠢᠴᠠᠭᠠᠬᠤ ᠪᠠᠶᠢᠭᠤᠯᠭ᠎ᠠ ᠶᠢᠨ ᠬᠠᠶᠢᠷ᠎ᠠ ᠬᠠᠯᠠᠮᠵᠢ ᠶᠢ ᠬᠦᠷᠳᠡᠭᠡᠪᠡ᠃ ᠳᠡᠷᠡ ᠬᠠᠤᠯᠢ ᠴᠠᠭᠠᠵᠠ ᠶᠢᠨ ᠳᠤᠰᠠᠯᠠᠮᠵᠢ ᠭᠤᠶᠤᠴᠢᠯᠠᠭᠴᠢ ᠶᠢᠨ ᠬᠠᠤᠯᠢ ᠶᠤᠰᠥᠨ ᠤ ᠠᠰᠢᠭ ᠲᠤᠰᠠ ᠶᠢ ᠬᠠᠮᠠᠭᠠᠯᠠᠵᠤ᠂ ᠨᠦᠬᠦᠴᠡᠯ ᠳᠤ ᠨᠡᠶᠢᠴᠡᠬᠦ ᠤᠯᠠᠨ ᠲᠦᠮᠡᠨ ᠳᠤ ᠬᠠᠤᠯᠢ ᠶᠤᠰᠥ ᠪᠠᠷ ᠤᠯᠤᠰ ᠤᠨ ᠲᠦᠯᠥᠪᠤᠷᠢ ᠪᠠ ᠳᠤᠰᠠᠯᠠᠮᠵᠢ ᠬᠦᠷᠳᠡᠭᠡᠵᠤ᠂ ᠳᠤᠰᠠᠯᠠᠮᠵᠢ ᠭᠤᠶᠤᠴᠢᠯᠠᠭᠴᠢ ᠳᠤ ᠤᠯᠤᠰ ᠤᠨ ᠬᠠᠤᠯᠢ ᠴᠠᠭᠠᠵᠠ ᠶᠢᠨ ᠳᠤᠰᠠᠯᠠᠮᠵᠢ ᠶᠢᠨ ᠮᠦᠡᠭᠬᠦ ᠶᠢ 100 ᠭᠠᠷᠤᠢ ᠲᠦᠮᠡᠨ ᠲᠦᠬᠦᠷᠢᠭ ᠤᠯᠭᠤᠪᠠ᠃      ᠴᠦᠨ ᠬᠤᠸᠠ ᠪᠤᠯ ᠠᠵᠢᠯ ᠳᠤ ᠪᠠᠨ ᠬᠠᠷᠢᠭᠤᠴᠠᠯᠭ᠎ᠠ ᠲᠠᠢ ᠪᠠᠷ ᠪᠠᠷᠠᠬᠤ ᠦᠬᠡᠢ᠂ ᠡᠨᠡᠷᠢᠩᠬᠦᠢ ᠰᠡᠳᠬᠢᠯ ᠲᠠᠢ ᠬᠦᠮᠥᠨ᠃ ᠨᠠᠰᠥᠨ ᠳᠤ ᠦᠯᠥ ᠬᠦᠷᠥᠭᠰᠡᠳ ᠢ ᠬᠠᠶᠢᠷᠠᠯᠠᠵᠤ ᠬᠠᠯᠠᠮᠵᠢᠯᠠᠬᠤ ᠳᠠᠯ᠎ᠠ ᠪᠠᠷ ᠶᠡᠷᠥᠨᠢ ᠦᠪᠠᠷ ᠤᠨ ᠪᠠᠶᠢᠳᠠᠭ ᠴᠢᠳᠠᠯ ᠢᠶᠠᠨ ᠰᠢᠪᠬᠠᠵᠤ ᠬᠠᠪᠰᠤᠷᠤᠮᠵᠢ ᠦᠵᠡᠬᠦᠯᠳᠡᠭ᠃ ᠬᠡᠳᠥᠨ ᠵᠢᠯ ᠤᠨ ᠡᠮᠥᠨ᠎ᠡ᠂ ᠳᠡᠷᠡ ᠬᠦᠳᠡᠭᠡ ᠲᠤᠰᠬᠤᠨ ᠢᠶᠠᠷ ᠬᠦᠨᠵᠡᠬᠡᠶᠢᠷᠡᠬᠦ ᠳᠤᠮᠳᠠ ᠪᠠᠨ ᠨᠢᠭᠡᠨ ᠬᠦᠳᠡᠭᠡ ᠶᠢᠨ ᠦᠨᠥᠴᠢᠨ ᠬᠡᠥᠭᠡᠨ ᠰᠤᠷᠤᠯᠭ᠎ᠠ ᠶᠢᠨ ᠵᠠᠷᠤᠳᠠᠯ᠂ ᠠᠮᠢᠳᠤᠷᠠᠯ ᠤᠨ ᠵᠠᠷᠤᠳᠠᠯ ᠬᠦᠷᠥᠯᠴᠡᠬᠦ ᠦᠬᠡᠢ ᠠᠴᠠ ᠪᠤᠯᠵᠤ᠂ ᠰᠤᠷᠤᠯᠭ᠎ᠠ ᠪᠠᠨ ᠳᠤᠷᠭᠤᠨ ᠵᠤᠭᠰᠤᠬᠤ ᠬᠡᠮᠵᠢᠶᠡᠨ ᠳᠤ ᠬᠦᠷᠥᠭᠰᠡᠨ ᠪᠠᠶᠢᠳᠠᠯ ᠢ ᠤᠶᠢᠯᠠᠭᠠᠵᠤ ᠮᠡᠳᠡᠵᠡᠢ᠃ ᠳᠡᠭᠡᠭᠡᠳ ᠳᠠᠷᠦ᠋ᠢᠬᠠᠨ ᠦᠨᠥ ᠬᠡᠥᠭᠡᠨ ᠢ ᠤᠷᠤᠯᠠᠵᠦ ᠡᠮᠥᠨᠡᠳᠥ ᠬᠤᠰᠢᠭᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠲᠤ ᠦᠨᠥ ᠬᠡᠥᠭᠡᠨ ᠢ ᠠᠪᠤᠷᠠᠨ ᠳᠤᠰᠠᠯᠠᠬᠤ ᠭᠤᠶᠤᠴᠢᠯᠠᠯ ᠳᠡᠪᠰᠢᠬᠦᠯᠥᠨ᠂ ᠲᠤᠰ ᠬᠡᠥᠭᠡᠨ ᠤ ᠰᠤᠷᠤᠯᠭ᠎ᠠ ᠶᠢᠨ ᠰᠥᠢᠳᠭᠡᠯ ᠢ ᠨᠢ ᠳᠤᠰᠢᠶᠠᠵᠤ ᠦᠭᠬᠦᠨ᠂ 5 ᠲᠦᠮᠡᠨ ᠲᠦᠬᠦᠷᠢᠭ ᠤᠨ ᠬᠠᠤᠯᠢ ᠴᠠᠭᠠᠵᠠ ᠶᠢᠨ ᠠᠪᠤᠷᠠᠨ ᠳᠤᠰᠠᠯᠠᠬᠤ ᠮᠦᠡᠭᠬᠦ ᠭᠤᠶᠤᠴᠢᠯᠠᠨ ᠦᠭᠴᠤ᠂ ᠦᠨᠥ ᠬᠡᠥᠭᠡᠨ ᠢ ᠦᠪᠠᠷ ᠤᠨ ᠬᠡᠥᠭᠡᠳ ᠢᠶᠠᠨ ᠰᠢᠭ ᠬᠠᠶᠢᠷᠠᠯᠠᠨ ᠬᠠᠷᠠᠭᠠᠯᠵᠠᠭᠰᠠᠨ ᠪᠠᠶᠢᠨ᠎ᠠ᠃ ᠴᠦᠨ ᠬᠤᠸᠠ ᠡ᠊ᠨᠡ ᠮᠡᠳᠥ ᠪᠠᠷ ᠬᠡᠬᠦᠳᠡᠭ ᠲᠦᠬᠦᠷᠡᠩ ᠬᠠᠯᠠᠭᠤᠨ ᠰᠡᠳᠬᠢᠯ ᠢᠶᠠᠷ᠂ ᠲᠦᠪ ᠭᠤᠤᠯᠴᠢ ᠠᠵᠢᠯ ᠤᠨ ᠤᠪᠤᠷ ᠢᠶᠠᠷ ᠤᠯᠠᠨ ᠲᠦᠮᠡᠨ ᠳᠤ ᠥᠢᠯᠡᠴᠢᠯᠡᠵᠤ᠂ ᠤᠯᠠᠨ ᠲᠦᠮᠡᠨ ᠳᠤ ᠦᠨᠡᠨᠬᠦ ᠠᠰᠢᠭ ᠬᠦᠷᠳᠡᠭᠡᠭᠰᠡᠨ ᠪᠠᠶᠢᠨ᠎ᠠ᠃      ᠤᠯᠠᠨ ᠵᠢᠯ ᠤᠨ ᠰᠢᠷᠭᠠᠭᠤ ᠴᠢᠷᠮᠠᠶᠢᠯᠭ᠎ᠠ ᠪᠠᠷ ᠳᠠᠮᠵᠢᠨ᠂ ᠳᠡᠷᠡ ᠤᠷᠢᠳ ᠬᠤᠵᠢᠳ ︽ᠪᠦᠬᠦ ᠤᠷᠤᠨ ᠤ ᠠᠷᠪᠠᠨ ᠰᠢᠯᠢᠳᠡᠭ ᠬᠠᠤᠯᠢᠵᠢᠯ ᠤᠨ ᠬᠦᠮᠥᠨ︾ ︽ᠪᠦᠬᠦ ᠤᠷᠤᠨ ᠤ ᠡᠬᠦᠷᠭᠡ ᠬᠠᠷᠢᠭᠤᠴᠠᠯᠭ᠎ᠠ ᠪᠠᠨ ᠬᠥᠢᠴᠡᠳᠭᠡᠨ ᠬᠦᠰᠡᠯ ᠵᠡᠬᠦᠳᠥ ᠪᠠᠨ ᠳᠡᠷᠭᠡᠯᠰᠢᠬᠦᠯᠥᠭᠰᠡᠨ ᠤᠮᠠᠷᠠᠳᠥ ᠬᠢᠯᠢ ᠶᠢᠨ ᠬᠠᠮᠤᠭ ᠤᠨ ᠭᠤᠶᠤ ᠡᠮᠡᠭᠳᠡᠢ︾ ︽ᠦᠪᠠᠷᠳᠡᠭᠡᠨ ᠵᠠᠰᠠᠬᠤ ᠤᠷᠤᠨ ᠤ ᠶᠤᠰᠥ ᠰᠤᠷᠳᠠᠬᠤᠨ ᠤ ᠵᠢᠱᠢᠶᠡᠴᠢ︾ ︽ᠪᠦᠬᠦ ᠤᠯᠤᠰ ᠤᠨ ︿3 · 8﹀ ᠤ ᠤᠯᠠᠭᠠᠨ ᠳᠤᠭᠴᠢ︾ ︽ᠪᠦᠬᠦ ᠤᠯᠤᠰ ᠤᠨ ᠡᠮᠡᠭᠳᠡᠶᠢᠴᠤᠳ ᠬᠡᠥᠭᠡᠳ ᠤᠨ ᠡᠷᠭᠡ ᠠᠰᠢᠭ ᠢ ᠬᠠᠮᠠᠭᠠᠯᠠᠭᠰᠠᠨ ᠳᠡᠷᠢᠬᠦᠨ ᠤ ᠬᠤᠪᠢ ᠬᠦᠮᠥᠨ︾ ︽ᠪᠦᠬᠦ ᠤᠯᠤᠰ ᠤᠨ ᠵᠢᠱᠢᠶᠡᠴᠢ ᠪᠠᠶᠢᠴᠠᠭᠠᠭᠴᠢ︾ ︽ᠪᠦᠬᠦ ᠤᠯᠤᠰ ᠤᠨ ᠳᠡᠷᠢᠬᠦᠨ ᠤ ᠠᠵᠢᠯᠳᠠᠨ︾ ᠵᠡᠷᠭᠡ ᠢᠷᠠᠭᠤ ᠠᠯᠳᠠᠷ ᠢᠶᠠᠷ ᠡᠩᠭᠡᠷ ᠢᠶᠠᠨ ᠮᠢᠯᠢᠶᠠᠯᠭᠠᠵᠤ ᠶᠠᠪᠤᠨ᠎ᠠ᠃
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号