| ᠤᠶᠢᠷ᠎ᠠ ᠶᠢᠨ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠳᠦ ᠬᠤᠰᠢᠭᠤᠨ ᠤ ᠳᠤᠳᠤᠭᠠᠳᠦ ᠶᠢ ᠬᠠᠮᠠᠭᠠᠯᠠᠬᠤ | ᠳᠤᠪᠴᠢᠶ᠎ᠠ ᠶᠢᠨ ᠴᠠᠷᠠᠰᠤᠨ ᠳᠤᠳᠤᠭᠠᠳᠦ ᠶᠢ ᠬᠠᠮᠠᠭᠠᠯᠠᠬᠤ ᠰᠠᠯᠪᠤᠷᠢ ︽ᠭᠠᠯ ᠰᠡᠷᠭᠡᠶᠢᠯᠡᠬᠦ ᠠᠮᠤᠷ ᠲᠦᠪᠰᠢᠨ ᠤ | ᠬᠠᠯᠬᠠᠪᠴᠢ ᠶᠢ ᠪᠠᠬᠢᠵᠢᠬᠦᠯᠤᠨ ᠠᠮᠢ ᠠᠬᠤᠢ ᠶᠢᠨ ᠬᠠᠮᠠᠭᠠᠯᠠᠯᠳᠠ ᠶᠢᠨ ᠬᠤᠷᠢᠭ᠎ᠠ ᠱᠤᠭᠤᠮ ᠢ ᠪᠠᠳᠦ ᠰᠠᠬᠢᠬᠤ︾ ᠪᠠᠷ | ᠰᠡᠳᠦᠪᠯᠡᠭᠰᠡᠨ ᠬᠠᠤᠯᠢ ᠴᠠᠭᠠᠵᠠ ᠶᠢᠨ ᠤᠬᠠᠭᠤᠯᠭ᠎ᠠ ᠶᠢᠨ ᠠᠵᠢᠯᠯᠠᠭ᠎ᠠ ᠦᠷᠨᠢᠬᠦᠯᠵᠦ᠂ ︽ᠭᠡᠷᠡᠭ ᠤᠨ ᠵᠢᠱᠢᠶ᠎ᠠ + | ᠬᠠᠤᠯᠢ ᠴᠠᠭᠠᠵᠠ ᠶᠢᠨ ᠳᠠᠶᠢᠯᠤᠮᠵᠢ︾ ᠶᠢᠨ ᠭᠡᠯᠪᠡᠷᠢ ᠪᠠᠷ ᠤᠢ ᠰᠢᠭᠤᠢ ᠶᠢᠨ ᠲᠦᠢᠮᠡᠷ ᠢ ᠰᠡᠷᠭᠡᠶᠢᠯᠡᠬᠦ᠂ ᠠᠮᠢ ᠠᠬᠤᠢ | ᠤᠷᠴᠢᠨ ᠳᠤᠭᠤᠷᠢᠨ ᠢ ᠬᠠᠮᠠᠭᠠᠯᠠᠬᠤ ᠬᠠᠤᠯᠢ᠂ ᠭᠠᠵᠠᠷ ᠰᠢᠷᠤᠢ ᠶᠢᠨ ᠡᠬᠢ ᠪᠠᠶᠠᠯᠢᠬ ᠶᠢ ᠬᠠᠮᠠᠭᠠᠯᠠᠬᠤ ᠲᠦᠷᠦ ᠶᠢᠨ | ᠪᠤᠳᠤᠯᠭ᠎ᠠ ᠵᠡᠷᠭᠡ ᠬᠠᠤᠯᠢ ᠴᠠᠭᠠᠵᠠ ᠶᠢᠨ ᠮᠡᠳᠡᠯᠭᠡ ᠶᠢ ᠤᠯᠠᠮᠵᠢᠯᠠᠬᠰᠠᠨ ᠪᠠᠶᠢᠨ᠎ᠠ᠃ | ᠤᠬᠠᠭᠤᠯᠭ᠎ᠠ ᠶᠢᠨ ᠳᠤᠬᠠᠢ ᠶᠢᠨ ᠳᠠᠯᠠᠪᠤᠷ ᠲᠤ᠂ ᠴᠠᠷᠠᠰᠤᠨ ᠳᠤᠳᠤᠭᠠᠳᠦ ᠶᠢ ᠬᠠᠮᠠᠭᠠᠯᠠᠬᠤ ᠰᠠᠯᠪᠤᠷᠢ ᠶᠢᠨ | ᠴᠠᠬᠳᠠᠭ᠎ᠠ ᠨᠠᠷ ᠤᠶᠢᠷ᠎ᠠ ᠶᠢᠨ ᠵᠢᠯ ᠤᠨ ᠳᠤᠷᠰᠢᠬᠢ ᠴᠠᠭᠠᠰᠦᠠ ᠵᠤᠭᠤᠰ ᠰᠢᠳᠠᠭᠠᠵᠦ ᠲᠦᠯᠡᠰᠢ ᠦᠭᠬᠦ ᠪᠤᠯᠤᠨ | ᠲᠠᠷᠢᠶᠠᠯᠠᠩ ᠦᠢᠯᠡᠳᠪᠦᠷᠢᠯᠡᠯ ᠤᠨ ᠶᠠᠪᠤᠳᠠᠯ ᠠᠴᠠ ᠪᠤᠯᠵᠦ ᠤᠢ ᠰᠢᠭᠤᠢ ᠶᠢᠨ ᠲᠦᠢᠮᠡᠷ ᠤᠨ ᠠᠶᠤᠯ ᠡᠬᠦᠰᠦᠭᠰᠡᠨ | ᠪᠤᠳᠠᠳᠦ ᠭᠡᠷᠡᠭ ᠢᠶᠠᠷ ᠵᠢᠱᠢᠶ᠎ᠠ ᠪᠤᠯᠭᠠᠵᠦ᠂ ᠰᠠᠭᠤᠭᠠᠯᠢ ᠠᠷᠠᠳ ᠲᠤ ︽ᠤᠢ ᠰᠢᠭᠤᠢ ᠶᠢᠨ ᠲᠦᠢᠮᠡᠷ ᠢ ᠰᠡᠷᠭᠡᠶᠢᠯᠡᠬᠦ | ᠵᠦᠢᠯ ᠵᠤᠷᠪᠤᠰ︾ ᠢ ᠳᠠᠶᠢᠯᠪᠤᠷᠢᠯᠠᠬᠰᠠᠨ ᠮᠦᠷᠳᠡᠭᠡᠨ ᠬᠠᠷᠠᠭᠠᠯᠵᠠᠬᠰᠠᠨ ᠬᠤᠤᠷ ᠨᠦᠯᠦᠭᠡ ᠶᠢ ᠬᠢᠨᠠᠮᠠᠭᠠᠢ | ᠳᠠᠨᠢᠯᠴᠠᠭᠤᠯᠤᠬᠰᠠᠨ ᠪᠠᠶᠢᠨ᠎ᠠ᠃ | ᠡᠬᠦᠨ ᠤ ᠬᠠᠮᠳᠤ᠂ ᠴᠠᠷᠠᠰᠤᠨ ᠳᠤᠳᠤᠭᠠᠳᠦ ᠶᠢ ᠬᠠᠮᠠᠭᠠᠯᠠᠬᠤ ᠰᠠᠯᠪᠤᠷᠢ ᠨᠢ ᠪᠠᠰᠠ ᠬᠦᠳᠡᠭᠡ ᠳᠤᠰᠬᠤᠨ | ᠮᠠᠯᠵᠢᠬᠤ ᠤᠷᠤᠨ ᠢᠶᠠᠷ ᠦᠷᠬᠦᠯᠵᠢ ᠡᠬᠦᠰᠳᠡᠭ ᠬᠠᠤᠯᠢ ᠪᠤᠰᠦ ᠪᠠᠷ ᠠᠳᠠᠷ ᠬᠠᠭᠠᠯᠪᠤᠷᠢᠯᠠᠬᠤ᠂ ᠤᠢ ᠰᠢᠭᠤᠢ ᠶᠢ | ᠡᠪᠳᠡᠵᠦ ᠪᠠᠶᠢᠭ᠎ᠠ ᠵᠡᠷᠭᠡ ᠠᠰᠠᠭᠤᠳᠠᠯ ᠳᠤ ᠴᠢᠭᠯᠡᠬᠦᠯᠤᠨ᠂ ︽ᠭᠠᠵᠠᠷ ᠰᠢᠷᠤᠢ ᠶᠢᠨ ᠬᠠᠮᠠᠭᠠᠯᠠᠯᠳᠠ ᠶᠢᠨ ᠬᠠᠤᠯᠢ︾ ︽ | ᠨᠤᠳᠤᠬ ᠪᠡᠯᠴᠢᠭᠡᠷ ᠤᠨ ᠬᠠᠤᠯᠢ︾ ᠵᠡᠷᠭᠡ ᠶᠢ ᠶᠠᠷᠢᠵᠦ ᠳᠠᠶᠢᠯᠪᠤᠷᠢᠯᠠᠪᠠ᠃ ᠬᠣ᠋ ᡁᠢ ᠮᠢᠨ ᠬᠤᠨᠭ᠌ ᠮᠸᠢ ᠮᠡᠳᠡᠭᠡᠯᠡᠪᠡ |