ᠡᠮᠤᠨᠡᠳᠤ ᠬᠤᠰᠢᠭᠤᠨ ᠤ ᠨᠠᠢᠮᠠᠳᠤᠭᠠᠷ ᠬᠤᠭᠤᠴᠠᠭᠠᠨ ᠤ ᠮᠠᠰᠢᠨ ᠲᠡᠷᠭᠡᠨ ᠤ ᠲᠡᠯᠭᠡᠨ ᠦᠵᠡᠬᠦᠯᠵᠤ ᠪᠤᠷᠤᠯᠠᠭᠤᠯᠬᠤ ᠠᠵᠢᠯᠯᠠᠭ᠎ᠠ ᠠᠰᠢᠳᠠᠢ ᠰᠠᠶᠢᠬᠠᠨ ᠶᠠᠪᠤᠭᠳᠠᠵᠠᠢ
ᠨᠡᠶᠢᠲᠡᠯᠡᠭᠰᠡᠨ ᠴᠠᠭ᠄
2025/5/22
     5 ᠰᠠᠷ᠎ᠠ ᠶᠢᠨ 15 ᠤ ᠡᠳᠤᠷ᠂ ᠬᠢᠩᠭᠠᠨ ᠠᠶᠢᠮᠠᠭ ᠤᠨ ᠰᠤᠶᠤᠯ ᠤᠨ ᠲᠦᠪ ᠤᠨ ᠠᠭᠤᠳᠠᠮ ᠲᠠᠯᠠᠪᠠᠢ ᠳᠤ ᠬᠤᠷᠴᠢᠨ ᠪᠠᠷᠠᠭᠤᠨ ᠭᠠᠷᠤᠨ ᠡᠮᠤᠨᠡᠳᠤ ᠬᠤᠰᠢᠭᠤᠨ ᠤ ᠨᠠᠢᠮᠠᠳᠤᠭᠠᠷ ᠬᠤᠭᠤᠴᠠᠭᠠᠨ ᠤ ᠮᠠᠰᠢᠨ ᠲᠡᠷᠭᠡᠨ ᠤ ᠰᠤᠶᠤᠯ ᠤᠨ ᠨᠠᠶᠢᠷ ᠮᠠᠰᠢᠨ ᠲᠡᠷᠭᠡᠨ ᠤ ᠲᠡᠯᠭᠡᠨ ᠦᠵᠡᠬᠦᠯᠭᠡ ᠶᠢᠨ ᠠᠵᠢᠯᠯᠠᠭ᠎ᠠ ᠶᠠᠪᠤᠬᠳᠠᠵᠤ᠂ 26 ᠨᠡᠷᠡᠳᠤ ᠮᠠᠰᠢᠨ ᠲᠡᠷᠭᠡᠨ ᠤ ᠠᠵᠤ ᠠᠬᠤᠶᠢᠯᠠᠯ 240 ᠭᠠᠷᠤᠢ ᠲᠦᠷᠤᠯ ᠤᠨ ᠮᠠᠰᠢᠨ ᠲᠡᠷᠭᠡ ᠪᠠᠨ ᠲᠡᠯᠭᠡᠨ ᠦᠵᠡᠬᠦᠯᠵᠤ᠂ ︽ᠨᠢᠭᠡ ᠦᠷᠳᠡᠭᠡᠳᠤ ᠮᠠᠶ᠋ᠢᠭ︾ ᠤᠨ ᠮᠠᠰᠢᠨ ᠲᠡᠷᠭᠡ ᠬᠤᠳᠠᠯᠳᠤᠨ ᠠᠪᠬᠤ ᠲᠠᠪᠴᠠᠩ ᠢ ᠡᠬᠦᠳᠪᠠ᠃      ︽ᠲᠤᠰ ᠤᠳᠠᠭᠠᠨ ᠤ ᠠᠵᠢᠯᠯᠠᠭ᠎ᠠ ᠶᠢᠨ ᠠᠰᠢᠭ ᠬᠦᠷᠳᠡᠭᠡᠬᠦ ᠬᠦᠴᠤᠯᠠᠴᠠ ᠲᠦᠢᠯ ᠤᠨ ᠶᠡᠭᠡ ᠪᠠᠶᠢᠨ᠎ᠠ︾ ᠭᠡᠵᠤ ᠡᠮᠤᠨᠡᠳᠤ ᠬᠤᠰᠢᠭᠤᠨ ᠤ ᠰᠠᠭᠤᠭᠠᠯᠢ ᠠᠷᠠᠳ ᠵᠠᠩ ᠬᠤᠩ ᠢᠥᠢ ᠪᠠᠶᠠᠷᠳᠠᠢ ᠶᠠᠷᠢᠨ᠎ᠠ᠃ ᠲᠡᠷᠠ ᠬᠠᠭᠤᠴᠢᠨ ᠢᠶᠠᠷ ᠰᠢᠨ᠎ᠠ ᠶᠢ ᠰᠤᠯᠢᠬᠤ ᠲᠦᠷᠥ ᠶᠢᠨ ᠪᠤᠳᠤᠯᠭ᠎ᠠ ᠪᠠᠷ ᠵᠶᠢ ᠯᠢ ᠮᠠᠰᠢᠨ ᠲᠡᠷᠭᠡ ᠬᠤᠳᠠᠯᠳᠤᠨ ᠠᠪᠴᠤ᠂ ᠦᠪᠠᠷᠳᠡᠭᠡᠨ ᠵᠠᠰᠠᠬᠤ ᠤᠷᠤᠨ ᠤ ᠮᠠᠰᠢᠨ ᠲᠡᠷᠭᠡᠨ ᠤ ᠬᠠᠭᠤᠴᠢᠨ ᠢᠶᠠᠷ ᠰᠢᠨ᠎ᠡ ᠶᠢ ᠰᠤᠯᠢᠬᠤ ᠨᠦᠬᠦᠪᠤᠷᠢ 12000 ᠲᠦᠬᠦᠷᠢᠭ᠂ ᠠᠵᠤ ᠦᠢᠯᠡᠳᠪᠤᠷᠢ ᠶᠢᠨ ᠨᠦᠬᠦᠪᠤᠷᠢ 15000 ᠲᠦᠬᠦᠷᠢᠭ᠂ ᠵᠠᠰᠠᠭ ᠤᠨ ᠤᠷᠳᠤᠨ ᠤ ᠮᠠᠰᠢᠨ ᠲᠡᠷᠭᠡᠨ ᠤ ᠲᠡᠯᠭᠡᠨ ᠦᠵᠡᠬᠦᠯᠭᠡ ᠶᠢᠨ ᠨᠦᠬᠦᠪᠤᠷᠢ 2000 ᠲᠦᠬᠦᠷᠢᠭ ᠵᠢᠴᠢ ᠪᠡᠯᠡᠨ ᠵᠤᠭᠤᠰ ᠤᠨ ᠬᠠᠷᠠᠭᠠᠯᠵᠠᠯ 13000 ᠲᠦᠬᠦᠷᠢᠭ ᠢ ᠪᠤᠳᠤᠨ ᠭᠠᠷᠭᠠᠪᠠᠯ᠂ ᠬᠠᠮᠤᠭ ᠡᠴᠤᠰ ᠲᠡᠭᠡᠨ 127700 ᠲᠦᠬᠦᠷᠢᠭ ᠢᠶᠠᠷ ᠮᠠᠰᠢᠨ ᠲᠡᠷᠭᠡ ᠬᠤᠳᠠᠯᠳᠤᠨ ᠠᠪᠴᠤ᠂ 42000 ᠲᠦᠬᠦᠷᠢᠭ ᠠᠷᠪᠢᠯᠠᠭᠰᠠᠨ ᠪᠠᠶᠢᠨ᠎ᠠ᠃      ᠮᠠᠰᠢᠨ ᠲᠡᠷᠭᠡᠨ ᠤ ᠬᠡᠷᠡᠭᠯᠡᠭᠡᠨ ᠤ ᠵᠠᠬ᠎ᠠ ᠲᠡᠯᠭᠡᠬᠦᠷ ᠢ ᠬᠦᠭᠵᠢᠭᠡᠬᠦ ᠪᠠᠷ᠂ ᠵᠠᠰᠠᠭ ᠤᠨ ᠤᠷᠳᠤᠨ ᠠᠴᠠ ᠠᠵᠤ ᠠᠬᠤᠶᠢᠯᠠᠯ ᠲᠠᠢ ᠬᠤᠯᠪᠤᠭᠠᠯᠠᠨ ᠤᠯᠠᠨ ᠬᠡᠯᠪᠡᠷᠢ ᠶᠢᠨ ᠬᠠᠷᠠᠭᠠᠯᠵᠠᠯ ᠤᠨ ᠲᠦᠷᠥ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠪᠠ᠃ ᠡᠮᠤᠨᠡᠳᠤ ᠬᠤᠰᠢᠭᠤᠨ ᠤ ᠵᠠᠰᠠᠭ ᠤᠨ ᠤᠷᠳᠤᠨ ᠠᠴᠠ ᠲᠤᠰᠬᠠᠢ ᠲᠦᠷᠤᠯ ᠤᠨ 100 ᠲᠦᠮᠡᠨ ᠲᠦᠬᠦᠷᠢᠭ ᠤᠨ ᠬᠡᠷᠡᠭᠯᠡᠭᠡᠨ ᠤ ᠨᠦᠬᠦᠪᠤᠷᠢ ᠶᠢᠨ ᠪᠡᠯᠡ ᠮᠦᠩᠬᠦ ᠵᠠᠷᠤᠴᠠᠭᠤᠯᠵᠤ᠂ ᠲᠡᠷᠭᠡ ᠬᠤᠳᠠᠯᠳᠤᠨ ᠠᠪᠤᠭᠴᠢ ᠠᠴᠠ ︽ᠶᠦᠨ ᠱᠠᠨ ᠹᠦ᠋︾ ᠲᠠᠪᠴᠠᠩ ᠢᠶᠠᠷ ᠲᠠᠮᠵᠢᠨ 1000 — 3000 ᠲᠦᠬᠦᠷᠢᠭ ᠤᠨ ᠠᠳᠠᠯᠢ ᠪᠤᠰᠤ ᠨᠦᠬᠦᠪᠤᠷᠢ ᠶᠢ ᠭᠤᠶᠤᠴᠢᠯᠠᠨ ᠤᠯᠵᠤ᠂ ᠮᠠᠰᠢᠨ ᠲᠡᠷᠭᠡᠨ ᠤ ᠠᠵᠤ ᠠᠬᠤᠶᠢᠯᠠᠯ ᠤᠨ ᠠᠰᠢᠭ ᠬᠦᠷᠳᠡᠭᠡᠬᠦ ᠠᠵᠢᠯᠯᠠᠭ᠎ᠠ ᠪᠠ ᠮᠠᠰᠢᠨ ᠲᠡᠷᠭᠡᠨ ᠤ ᠬᠠᠭᠤᠴᠢᠨ ᠢᠶᠠᠷ ᠰᠢᠨ᠎ᠠ ᠶᠢ ᠰᠤᠯᠢᠬᠤ ᠨᠦᠬᠦᠪᠤᠷᠢ ᠵᠡᠷᠭᠡ ᠶᠢ ᠬᠠᠮᠳᠤᠳᠬᠠᠨ ᠬᠡᠷᠡᠭᠯᠡᠵᠤ᠂ ᠠᠷᠠᠳ ᠲᠤ ᠬᠠᠷᠠᠭᠠᠯᠵᠠᠯ ᠬᠦᠷᠳᠡᠭᠡᠨ ᠠᠵᠤ ᠠᠬᠤᠶᠢᠯᠠᠯ ᠳᠤ ᠠᠰᠢᠭ ᠬᠦᠷᠳᠡᠭᠡᠬᠦ ᠶᠢ ᠦᠨᠡᠨᠬᠦ ᠪᠡᠶᠡᠯᠡᠬᠦᠯᠵᠠᠢ᠃      ᠡᠬᠦᠨ ᠠᠴᠠ ᠭᠠᠳᠠᠨ᠎ᠠ᠂ ᠮᠠᠰᠢᠨ ᠲᠡᠷᠭᠡᠨ ᠤ ᠲᠡᠯᠭᠡᠨ ᠦᠵᠡᠬᠦᠯᠭᠡ ᠶᠢᠨ ᠲᠠᠯᠠᠪᠠᠢ ᠳᠤ ᠰᠢᠨ᠎ᠠ ᠮᠠᠰᠢᠨ ᠲᠡᠷᠭᠡᠨ ᠤ ᠰᠤᠶᠤᠯ ᠤᠨ ᠲᠡᠯᠭᠡᠨ ᠦᠵᠡᠬᠦᠯᠭᠡ᠂ ᠴᠠᠭ ᠤᠨ ᠤᠷᠤᠰᠬᠠᠯ ᠤᠨ ᠴᠤᠭᠯᠠᠭ᠎ᠠ ᠮᠠᠶᠢᠮᠠᠢ ᠵᠡᠷᠭᠡ ᠡᠯᠧᠮᠧᠨ᠋ᠲ ᠢ ᠠᠭᠤᠰᠤᠯᠴᠠᠭᠤᠯᠵᠤ᠂ ᠬᠡᠷᠡᠭᠯᠡᠭᠴᠢᠳ ᠮᠠᠰᠢᠨ ᠲᠡᠷᠭᠡ ᠬᠤᠳᠠᠯᠳᠤᠨ ᠠᠪᠬᠤ ᠶᠢᠨ ᠬᠠᠮᠳᠤ ᠰᠡᠯᠡᠬᠦᠴᠡᠯ ᠵᠤᠭ᠎ᠠ ᠴᠡᠩᠭᠡᠯ ᠢ ᠪᠡᠶᠡᠴᠢᠯᠡᠨ ᠤᠶᠢᠯᠠᠭᠠᠪᠠ᠃ ᠬᠢᠩᠭᠠᠨ ᠠᠶᠢᠮᠠᠭ ᠤᠨ ᠳ᠋ᠧ ᠭᠤᠸᠠᠩ ᠰᠢᠨ ᠼᠦᠨ ᠮᠠᠰᠢᠨ ᠲᠡᠷᠭᠡᠨ ᠤ ᠬᠡᠷᠡᠭ ᠮᠡᠳᠡᠭᠴᠢᠳ ᠤᠨ ᠲᠠᠷᠤᠭ᠎ᠠ ᠽᠦᠩ ᠵᠢᠶᠠᠨ ᠵᠢᠶᠠᠩ᠄ ︽ᠲᠤᠰ ᠤᠳᠠᠭᠠᠨ ᠤ ᠮᠠᠰᠢᠨ ᠲᠡᠷᠭᠡᠨ ᠤ ᠲᠡᠯᠭᠡᠨ ᠦᠵᠡᠭᠦᠯᠭᠡ ᠨᠢ ᠠᠵᠤ ᠠᠬᠤᠶᠢᠯᠠᠯ ᠳᠤ ᠲᠦᠢᠯ ᠤᠨ ᠠᠰᠢᠭ ᠲᠤᠰᠠ ᠲᠠᠢ ᠪᠠᠶᠢᠵᠤ᠂ ᠵᠠᠰᠠᠭ ᠤᠨ ᠤᠷᠳᠤᠨ ᠠᠴᠠ ᠰᠦᠢᠳᠭᠡᠯ ᠬᠤᠷᠢᠶᠠᠬᠤ ᠦᠭᠡᠢ ᠪᠠᠷ ᠲᠡᠯᠭᠡᠨ ᠦᠵᠡᠬᠦᠯᠬᠦ ᠲᠠᠯᠠᠪᠠᠢ ᠬᠠᠩᠭᠠᠭᠰᠠᠨ ᠢᠶᠠᠷ ᠪᠠᠷᠠᠬᠤ ᠦᠭᠡᠢ ᠬᠡᠷᠡᠭᠯᠡᠭᠴᠢᠳ ᠲᠤ ᠪᠡᠯᠡ ᠮᠦᠩᠬᠦ ᠶᠢᠨ ᠬᠠᠷᠠᠭᠠᠯᠵᠠᠯ ᠦᠵᠡᠬᠦᠯᠵᠤ᠂ ᠵᠠᠬ᠎ᠠ ᠲᠡᠯᠭᠡᠬᠦᠷ ᠢ ᠬᠦᠭᠵᠢᠬᠡᠭᠰᠡᠨ ᠤ ᠬᠠᠮᠳᠤ ᠠᠷᠠᠳ ᠲᠤ ᠠᠰᠢᠭ ᠬᠦᠷᠳᠡᠭᠡᠨ᠂ ᠠᠵᠤ ᠠᠬᠤᠶᠢᠯᠠᠯ ᠤᠨ ᠬᠦᠭᠵᠢᠯᠳᠠ ᠳᠤ ᠬᠦᠴᠤᠳᠠᠢ ᠲᠡᠮᠵᠢᠯᠭᠡ ᠬᠠᠩᠭᠠᠪᠠ︾ ᠭᠡᠵᠤ ᠳᠠᠨᠢᠯᠴᠠᠭᠤᠯᠵᠤ ᠪᠠᠶᠢᠪᠠ᠃      ᠲᠤᠰ ᠤᠳᠠᠭᠠᠨ ᠤ ᠮᠠᠰᠢᠨ ᠲᠡᠷᠭᠡᠨ ᠤ ᠲᠡᠯᠭᠡᠨ ᠦᠵᠡᠬᠦᠯᠭᠡ ᠨᠢ 5 ᠰᠠᠷ᠎ᠠ ᠶᠢᠨ 15 — 18 ᠤ ᠡᠳᠤᠷ ᠪᠤᠯᠳᠠᠯ᠎ᠠ ᠶᠠᠪᠤᠭᠳᠠᠵᠤ᠂ ᠠᠵᠢᠯᠯᠠᠭᠠᠨ ᠢᠶᠠᠷ ᠲᠠᠮᠵᠢᠨ ᠰᠢᠯᠢᠳᠡᠭ ᠮᠠᠰᠢᠨ ᠲᠡᠷᠭᠡ ᠬᠤᠳᠠᠯᠳᠤᠨ ᠠᠪᠬᠤ ᠲᠠᠪᠴᠠᠩ ᠢ ᠡᠬᠦᠳᠴᠤ᠂ ᠮᠠᠰᠢᠨ ᠲᠡᠷᠭᠡᠨ ᠤ ᠠᠵᠤ ᠠᠬᠤᠶᠢᠯᠠᠯ ᠪᠠ ᠬᠡᠷᠡᠭᠯᠡᠭᠴᠢᠳ ᠤᠨ ᠬᠦᠨᠵᠡᠭᠡᠢ ᠰᠤᠯᠢᠯᠴᠠᠭ᠎ᠠ ᠶᠢ ᠠᠬᠢᠭᠤᠯᠤᠭᠰᠠᠨ ᠢᠶᠠᠷ ᠪᠠᠷᠠᠬᠤ ᠦᠭᠡᠢ ᠲᠤᠬᠠᠢ ᠶᠢᠨ ᠭᠠᠵᠠᠷ ᠤᠨ ᠬᠠᠮᠢᠶ᠎ᠠ ᠪᠦᠬᠦᠢ ᠠᠵᠤ ᠠᠬᠤᠶᠢᠯᠠᠯ ᠤᠨ ᠬᠦᠭᠵᠢᠯᠳᠠ ᠶᠢ ᠲᠠᠶᠢᠴᠢᠯᠠᠨ᠂ ᠬᠢᠩᠭᠠᠨ ᠠᠶᠢᠮᠠᠭ ᠤᠨ ᠠᠵᠤ ᠠᠬᠤᠢ ᠶᠢᠨ ᠨᠡᠮᠡᠭᠳᠡᠯ ᠳᠤ ᠰᠢᠨ᠎ᠠ ᠬᠦᠳᠡᠯᠭᠡᠭᠴᠢ ᠬᠦᠴᠤᠨ ᠬᠠᠩᠭᠠᠵᠠᠢ᠃ ︵ᠰᠢᠨ ᠢᠥᠢ︶
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号