| 5 ᠰᠠᠷ᠎ᠠ ᠶᠢᠨ 20 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠠᠢ ᠵᠢᠶᠠ ᠸᠧᠢ ᠡᠯ ︵ | ᠱᠧᠨᠵᠧᠨ︶ ᠰᠣᠶᠣᠯ ᠤᠨ ᠠᠵᠤ ᠦᠢᠯᠡᠰ ᠤᠨ ᠪᠡᠯᠡ ᠣᠷᠣᠭᠤᠯᠤᠯᠲᠠ ᠶᠢᠨ ᠪᠦᠯᠦᠭᠯᠡᠯ ᠲᠠᠢ ᠨᠢᠭᠡ ᠥᠷᠲᠡᠭᠡᠴᠢᠯᠡᠬᠦ | ᠤᠷᠤᠭ ᠤᠨ ᠪᠦᠷᠢᠳᠬᠡᠯ ᠪᠤᠯᠤᠨ ᠰᠤᠶᠤᠯ ᠵᠢᠭᠤᠯᠴᠢᠯᠠᠯ ᠲᠠᠢ ᠠᠭᠤᠴᠤᠯᠴᠠᠭᠤᠯᠬᠤ ᠦᠢᠯᠡᠴᠢᠯᠡᠭᠡ ᠶᠢᠨ ᠲᠥᠷᠥᠯ | ᠵᠦᠢᠯ ᠢ ᠠᠬᠢᠭᠤᠯᠬᠤ ᠬᠤᠷᠠᠯ ᠬᠢᠵᠦ᠂ ᠳᠤᠮᠳᠠᠳᠤ ᠤᠯᠤᠰ ᠤᠨ ᠳᠣᠷᠣᠨᠠᠳᠠᠬᠢᠨ ᠤ ᠰᠣᠶᠣᠯ ᠤᠨ ᠰᠤᠳᠤᠯᠭᠠᠨ ᠤ | ᠨᠡᠶᠢᠭᠡᠮᠯᠢᠭ ᠤᠨ ᠣᠷᠤᠭ ᠬᠡᠷ ᠪᠦᠯᠢ ᠶᠢᠨ ᠰᠣᠶᠣᠯ ᠤᠨ ᠵᠥᠪᠯᠡᠯ ᠤᠨ ᠳᠠᠷᠤᠭ᠎ᠠ ᠵᠣᠣ ᠴᠢᠩ ᠺᠦᠶ᠂ ᠵᠥᠪᠯᠡᠭᠴᠢ ᠪᠦᠦ | ᠯᠢᠶᠠᠨ ᠽᠢ᠂ ᠠᠶ ᠵᠢᠶᠠ ᠸᠧᠶ ᠡᠯ ᠪᠦᠯᠦᠭᠯᠡᠯ ᠤᠨ ᠵᠡᠭᠦᠨ ᠬᠤᠶᠢᠲᠤ ᠣᠷᠣᠨ ᠳᠠᠬᠢ ᠶᠡᠷᠦᠩᠬᠡᠶ ᠳᠠᠭᠠᠭᠠᠮᠠᠯ ᠵᠠᠩ | ᠵᠢᠶᠦ᠋ᠨ ᠱᠧᠩ᠂ ᠬᠢᠩᠭᠠᠨ ᠠᠶᠢᠮᠠᠭ ᠤᠨ ᠵᠠᠬᠢᠷᠭ᠎ᠠ ᠶᠢᠨ ᠳᠡᠳ᠋ ᠳᠠᠷᠤᠭ᠎ᠠ᠂ ᠬᠤᠷᠴᠢᠨ ᠪᠠᠷᠠᠭᠤᠨ ᠭᠠᠷᠤᠨ ᠡᠮᠦᠨᠡᠲᠦ | ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠱᠤ᠋ ᠲᠤᠤ᠂ ᠬᠤᠰᠢᠭᠤᠨ ᠤ ᠵᠠᠰᠠᠭ ᠤᠨ ᠣᠷᠳᠣᠨ ᠤ ᠬᠠᠮᠢᠶ᠎ᠠ | ᠪᠥᠬᠦᠶ ᠤᠳᠤᠷᠢᠳᠤᠯᠭ᠎ᠠ᠂ ᠬᠠᠮᠢᠶ᠎ᠠ ᠪᠥᠬᠦᠶ ᠭᠠᠵᠠᠷ ᠣᠷᠣᠨ᠂ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠠᠷ | ᠬᠤᠷᠠᠯ ᠳᠤ ᠣᠷᠣᠯᠴᠠᠵᠠᠶ᠃ | ᠬᠤᠷᠠᠯ ᠠᠴᠠ ᠲᠦᠷᠦᠯ ᠵᠦᠢᠯ ᠤᠨ ᠲᠦᠢᠮᠣᠴᠢᠯᠠᠯ᠂ ᠬᠤᠳᠠᠯᠳᠤᠭᠠᠨ ᠤ ᠬᠡᠪ ᠵᠠᠭᠪᠤᠷ᠂ ᠬᠡᠷᠡᠭᠵᠢᠭᠦᠯᠬᠦ | ᠲᠥᠯᠥᠪᠯᠡᠭᠡ᠂ ᠵᠠᠬ᠎ᠠ ᠳᠡᠯᠭᠡᠭᠦᠷ ᠤᠨ ᠵᠠᠳᠠᠯᠤᠯᠲᠠ᠂ ᠠᠵᠤ ᠠᠬᠤᠢ ᠵᠢᠴᠢ ᠨᠡᠶᠢᠭᠡᠮ ᠤᠨ ᠦᠷ᠎ᠡ ᠠᠰᠢᠭ ᠵᠡᠷᠭᠡ | ᠲᠦᠷᠦᠯ ᠵᠦᠢᠯ ᠤᠨ ᠪᠦᠬᠦᠯᠢ ᠴᠣᠭᠴᠠ ᠶᠢᠨ ᠪᠠᠶᠢᠳᠠᠯ ᠢ ᠰᠣᠨᠣᠰᠴᠠᠢ᠃ ᠲᠣᠰ ᠲᠥᠷᠥᠯ ᠵᠦᠢᠯ ᠨᠢ ᠣᠷᠤᠭ ᠤᠨ | ᠪᠦᠷᠢᠳᠬᠡᠯ᠂ ᠣᠷᠤᠭ ᠤᠨ ᠰᠡᠭᠦᠳᠡᠷ ᠪᠠ ᠵᠢᠭᠤᠯᠴᠢᠯᠠᠯ ᠤᠨ ᠰᠡᠭᠦᠳᠡᠷ᠂ ᠬᠤᠷᠢᠮ ᠤᠨ ᠶᠣᠰᠣᠯᠠᠯ ᠡᠷᠭᠢᠯᠡᠬᠦ᠂ ᠪᠠᠯᠲᠤ | ᠰᠠᠷ᠎ᠠ ᠶᠢᠨ ᠵᠢᠭᠤᠯᠴᠢᠯᠠᠯ ᠢ ᠨᠢᠭᠡ ᠴᠤᠭᠴᠠᠵᠢᠭᠤᠯᠤᠭᠰᠠᠨ ᠲᠠᠯ᠎ᠠ ᠨᠤᠲᠤᠭ ᠤᠨ ᠤᠨᠴᠠᠯᠢᠭᠳᠤ ᠰᠣᠶᠣᠯ | ᠵᠢᠭᠤᠯᠴᠢᠯᠠᠯ ᠤᠨ ᠲᠥᠷᠥᠯ ᠵᠦᠢᠯ ᠢ ᠪᠣᠶ ᠪᠣᠯᠭᠠᠵᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ | ᠦᠵᠡᠰᠬᠦᠯᠡᠩᠲᠦ ᠰᠠᠶᠢᠬᠠᠨ ᠪᠠᠶᠢᠭᠠᠯᠢ ᠶᠢᠨ ᠥᠩᠭᠡ ᠦᠵᠡᠮᠵᠢ ᠪᠠ ᠭᠦᠨ ᠵᠤᠵᠠᠭᠠᠨ ᠰᠣᠶᠣᠯ ᠤᠨ ᠠᠭᠤᠯᠬᠤᠨ ᠲᠠᠢ | ᠤᠶᠠᠯᠳᠤᠭᠤᠯᠤᠨ᠂ ᠰᠢᠨ᠎ᠡ ᠬᠥᠮᠦᠰ ᠲᠤ ᠥᠪᠡᠷᠮᠢᠴᠡ ᠣᠨᠴᠠᠯᠢᠭ ᠲᠠᠢ ᠬᠤᠷᠢᠮ ᠤᠨ ᠵᠠᠩ ᠦᠢᠯᠡ ᠶᠢᠨ | ᠣᠶᠢᠯᠠᠭᠠᠯᠲᠠ ᠬᠠᠩᠭᠠᠵᠤ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠳᠤ ᠬᠦᠴᠦᠨ ᠨᠡᠮᠡᠷᠢᠯᠡᠬᠦ | ᠪᠤᠯᠤᠨ᠎ᠠ᠃ ᠬᠤᠷᠠᠯ ᠳᠤ ᠣᠷᠣᠯᠴᠠᠭᠰᠠᠳ ᠲᠦᠷᠦᠯ ᠵᠦᠢᠯ ᠤᠨ ᠴᠢᠬᠤᠯᠠ ᠴᠢᠨᠠᠷ ᠪᠣᠯᠤᠨ ᠪᠣᠯᠤᠮᠵᠢᠲᠤ ᠴᠢᠨᠠᠷ ᠤᠨ | ᠲᠣᠭᠤᠷᠢᠨ ᠳᠤ ᠬᠠᠨᠳᠤᠯᠭᠠᠲᠤ ᠴᠢᠨᠠᠷᠲᠠᠢ ᠶᠠᠷᠢᠯᠴᠠᠭ᠎ᠠ ᠥᠷᠨᠢᠭᠦᠯᠪᠡ᠃ | ᠰᠦᠨ ᠱᠤ᠋ ᠲᠤᠤ᠂ ᠡᠯ᠎ᠡ ᠰᠠᠯᠠᠭ᠎ᠠ ᠮᠥᠴᠢᠷ ᠤᠨ ᠬᠢᠨ ᠵᠣᠬᠢᠶᠠᠨ ᠪᠠᠶᠢᠭᠤᠯᠵᠤ ᠵᠣᠬᠢᠴᠠᠭᠤᠯᠬᠤ ᠠᠵᠢᠯ | ᠢᠶᠠᠨ ᠴᠢᠩᠭᠠᠳᠬᠠᠵᠤ᠂ ᠬᠤᠳᠠ ᠶᠢᠨ ᠳᠤᠮᠳᠠᠬᠢ ᠲᠠᠯ᠎ᠠ ᠨᠤᠲᠤᠭ ᠤᠨ ᠲᠥᠯᠥᠪᠵᠢᠭᠦᠯᠭᠡ ᠶᠢ ᠴᠢᠩᠭ᠎ᠠ ᠵᠢᠷᠤᠮᠯᠠᠵᠤ᠂ | ᠨᠢᠭᠡ ᠦᠷᠳᠡᠭᠡᠴᠢᠯᠡᠬᠦ ᠤᠷᠤᠭ ᠤᠨ ᠪᠦᠷᠢᠳᠬᠡᠯ ᠪᠤᠯᠤᠨ ᠰᠤᠶᠤᠯ ᠵᠢᠭᠤᠯᠴᠢᠯᠠᠯ ᠲᠠᠢ ᠠᠭᠤᠰᠤᠯᠴᠠᠭᠤᠯᠬᠤ ᠪᠦᠳᠦᠭᠡᠨ | ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠡᠵᠡᠩᠨᠡᠯᠲᠡ ᠶᠢᠨ ᠬᠡᠯᠪᠡᠷᠢ ᠪᠠᠶᠢᠳᠠᠯ ᠤᠨ | ᠠᠭᠤᠯᠤᠭᠳᠠᠬᠤᠨ ᠢ ᠭᠦᠨᠵᠡᠭᠡᠶ ᠠᠭᠤᠳᠠᠯᠬᠤ ᠶᠢᠨ ᠬᠠᠮᠲᠤ ᠪᠠᠶᠠᠯᠢᠭᠵᠢᠭᠤᠯᠵᠤ᠂ 24 ᠴᠠᠭ ᠤᠨ ᠪᠥᠬᠦ ᠴᠠᠭ ᠤᠨ | ᠡᠵᠡᠩᠨᠡᠯᠲᠡ ᠶᠢᠨ ᠬᠤᠷᠢᠮ ᠤᠨ ᠵᠠᠩ ᠳᠠᠳᠬᠠᠯ ᠤᠨ ᠰᠣᠶᠣᠯ ᠢ ᠪᠡᠶᠡᠴᠢᠯᠡᠨ ᠣᠶᠢᠯᠠᠭᠠᠬᠤ ᠲᠠᠯᠠᠪᠤᠷ ᠣᠷᠳᠣᠨ ᠪᠠ | ᠤᠨᠴᠠᠯᠢᠬᠳᠤ ᠵᠢᠭᠤᠯᠴᠢᠯᠠᠯ ᠤᠨ ᠲᠥᠷᠥᠯ ᠵᠦᠢᠯ ᠢ ᠪᠣᠶ ᠪᠣᠯᠭᠠᠬᠤ ᠬᠡᠷᠡᠭᠲᠡᠶ᠃ ᠤᠯᠠᠨ ᠦᠨᠳᠦᠰᠦᠲᠡᠨ ᠤ ᠵᠠᠩ | ᠳᠠᠳᠬᠠᠯ ᠢ ᠠᠭᠤᠰᠤᠯᠴᠠᠭᠤᠯᠵᠤ᠂ ᠪᠠᠶᠠᠷ ᠨᠠᠶᠢᠷ ᠤᠨ ᠳᠠᠶᠢᠯᠠᠯᠭ᠎ᠠ ᠵᠡᠷᠭᠡ ᠤᠨᠴᠠᠯᠢᠬᠳᠤ ᠢᠳᠡᠭᠡᠨ ᠤᠮᠳᠠᠭᠠᠨ ᠢ | ᠠᠭᠤᠰᠤᠯᠴᠠᠭᠤᠯᠵᠤ᠂ ᠤᠯᠠᠨ ᠦᠨᠳᠦᠰᠦᠲᠡᠨ ᠢ ᠠᠭᠤᠰᠤᠯᠴᠠᠭᠤᠯᠤᠭᠰᠠᠨ ᠤᠷᠤᠭ ᠤᠨ ᠲᠠᠯᠠᠪᠠᠢ ᠶᠢ ᠰᠠᠶᠢᠳᠤᠷ | ᠪᠠᠶᠢᠭᠤᠯᠵᠤ᠂ ᠰᠣᠶᠣᠯ ᠵᠢᠭᠤᠯᠴᠢᠯᠠᠯ ᠤᠨ ᠠᠵᠤ ᠦᠢᠯᠡᠰ ᠪᠣᠯᠤᠨ ᠬᠤᠷᠢᠮ ᠤᠨ ᠵᠠᠩ ᠦᠢᠯᠡ ᠶᠢᠨ ᠰᠣᠶᠣᠯ ᠤᠨ | ᠰᠢᠨ᠎ᠡ ᠶᠢ ᠡᠭᠦᠳᠬᠦ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ |