| 5 ᠰᠠᠷ᠎ᠠ ᠶᠢᠨ 19 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ | ᠳᠡᠳ᠋ ᠱᠦᠵᠢ᠂ ᠬᠤᠰᠢᠭᠤᠨ ᠳᠠᠷᠤᠭ᠎ᠠ ᠯᠢᠦ ᠬᠠᠶ ᠲᠤᠤ ᠭᠤᠤᠯᠳᠠᠯᠭ᠎ᠠ ᠲᠠᠢ ᠲᠥᠷᠥᠯ ᠵᠦᠢᠯ ᠭᠤᠤᠯᠳᠠᠯᠭ᠎ᠠ ᠲᠠᠢ | ᠠᠵᠢᠯ ᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤᠨ ᠤ ᠵᠠᠰᠠᠭ ᠤᠨ ᠣᠷᠳᠣᠨ ᠤ ᠬᠠᠮᠢᠶ᠎ᠠ | ᠪᠥᠬᠦᠶ ᠤᠳᠤᠷᠢᠳᠤᠯᠭ᠎ᠠ᠂ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠠᠷ | ᠬᠤᠷᠠᠯ ᠳᠤ ᠣᠷᠣᠯᠴᠠᠵᠠᠶ᠃ | ᠬᠤᠷᠠᠯ ᠠᠴᠠ ᠤᠢᠢᠷ᠎ᠠ ᠶᠢᠨ ᠬᠤᠭᠤᠴᠠᠭᠠᠨ ᠳᠤ ᠭᠠᠳᠠᠭᠰᠢ ᠭᠠᠷᠴᠤ ᠰᠢᠨᠵᠢᠯᠡᠨ ᠪᠠᠶᠢᠴᠠᠭᠠᠵᠤ ᠰᠤᠷᠤᠯᠴᠠᠭᠰᠠᠨ | ᠪᠠᠶᠢᠳᠠᠯ ᠢ ᠮᠡᠳᠡᠭᠳᠡᠵᠦ᠂ 5 ᠰᠠᠷ᠎ᠠ ᠶᠢᠨ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ᠂ ᠡᠳ᠋ ᠤᠨ ᠵᠠᠰᠠᠭ ᠤᠨ | ᠣᠷᠣᠯᠭ᠎ᠠ ᠵᠠᠷᠤᠯᠭ᠎ᠠ᠂ ᠳᠡᠭᠡᠳᠤ ᠱᠠᠳᠤᠨ ᠠᠴᠠ ᠪᠡᠯᠡ ᠮᠥᠩᠭᠦ ᠭᠤᠶᠤᠴᠢᠯᠠᠬᠤ᠂ ᠠᠵᠤ ᠦᠢᠯᠡᠳᠪᠦᠷᠢ ᠶᠢᠨ | ᠦᠢᠯᠡᠳᠬᠦᠨ ᠤ ᠶᠡᠷᠦᠩᠬᠡᠢ ᠦᠷᠳᠡᠭ᠂ ᠨᠡᠮᠡᠭᠳᠡᠯ ᠦᠷᠳᠡᠭ᠂ ᠪᠦᠬᠦ ᠨᠡᠶᠢᠭᠡᠮ ᠤᠨ ᠬᠡᠷᠡᠭᠯᠡᠭᠡᠨ ᠤ ᠵᠦᠢᠯᠡᠰ ᠤᠨ | ᠵᠢᠵᠢᠭᠯᠡᠨ ᠬᠤᠳᠠᠯᠳᠤᠭᠰᠠᠨ ᠶᠡᠷᠦᠩᠬᠡᠢ ᠲᠤᠭ᠎ᠠ᠂ ᠠᠷᠠᠯᠵᠢᠶᠠᠴᠢᠨ ᠤᠷᠢᠵᠤ ᠪᠡᠯᠡ ᠮᠦᠩᠭᠦ ᠣᠷᠣᠭᠤᠯᠤᠨ ᠠᠪᠴᠢᠷᠠᠬᠤ | ᠵᠡᠷᠭᠡ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢ ᠪᠡᠶᠡᠯᠡᠭᠦᠯᠦᠭᠰᠡᠨ ᠪᠠᠶᠢᠳᠠᠯ ᠢ ᠰᠣᠨᠣᠰᠴᠠᠢ᠃ | ᠲᠠᠷᠢᠶᠠᠯᠠᠩ ᠮᠠᠯ ᠠᠵᠤ ᠠᠬᠤᠶ ᠳᠤ ᠬᠤᠯᠪᠣᠭᠳᠠᠬᠤ᠂ ᠵᠢᠭᠤᠯᠴᠢᠯᠠᠯ ᠤᠨ ᠦᠢᠯᠡᠰ ᠵᠡᠷᠭᠡ ᠣᠳᠣᠬᠠᠨ ᠤ | ᠭᠤᠤᠯᠳᠠᠯᠭ᠎ᠠ ᠲᠠᠢ ᠲᠥᠷᠥᠯ ᠵᠦᠢᠯ ᠤᠨ ᠠᠬᠢᠴᠠ ᠶᠢᠨ ᠪᠠᠶᠢᠳᠠᠯ ᠵᠢᠴᠢ ᠲᠠᠷᠠᠭᠠᠴᠢ ᠶᠢᠨ ᠲᠥᠯᠥᠪᠯᠡᠭᠡ᠂ ᠣᠷᠣᠰᠢᠵᠤ | ᠪᠠᠶᠢᠭ᠎ᠠ ᠠᠰᠠᠭᠤᠳᠠᠯ ᠢ ᠰᠣᠨᠣᠰᠴᠤ᠂ ᠣᠳᠣᠬᠠᠨ ᠤ ᠪᠠᠶᠢᠳᠠᠯ ᠳᠤ ᠵᠠᠳᠠᠯᠤᠯᠲᠠ ᠬᠢᠵᠦ᠂ ᠪᠣᠳᠠᠲᠠᠶ ᠠᠵᠢᠯ ᠤᠨ | ᠡᠭᠦᠷᠭᠡ ᠶᠢ ᠳᠣᠭᠢᠷᠠᠭᠤᠯᠤᠨ ᠪᠠᠶᠢᠷᠢᠯᠠᠭᠤᠯᠵᠠᠢ᠃ | ᠬᠤᠷᠠᠯ ᠠᠴᠠ᠂ ᠪᠥᠬᠦ ᠬᠤᠰᠢᠭᠤᠨ ᠤ ᠳᠡᠭᠡᠳᠦ ᠳᠣᠤᠷᠠᠳᠤ ᠱᠠᠲᠤᠨ ᠤ ᠬᠢᠨ ᠬᠠᠮᠳᠤᠷᠠᠯ ᠬᠦᠴᠦᠨ ᠢ | ᠪᠦᠷᠢᠯᠳᠦᠭᠦᠯᠵᠦ᠂ ᠢᠨᠵᠧᠨᠧᠷᠢᠩ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠪᠥᠬᠦ | ᠬᠦᠴᠦᠨ ᠢᠶᠠᠷ ᠢᠶᠠᠨ ᠲᠦᠷᠭᠡᠳᠬᠡᠨ᠂ ᠭᠤᠤᠯᠳᠠᠯᠭ᠎ᠠ ᠲᠠᠢ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ | ᠭᠦᠢᠴᠡᠳᠭᠡᠬᠦ ᠶᠢ ᠱᠠᠯᠠᠪᠳᠠᠨ ᠠᠬᠢᠭᠤᠯᠵᠤ᠂ ᠡᠯ᠎ᠡ ᠲᠠᠯ᠎ᠠ ᠶᠢᠨ ᠳᠠᠯᠳᠠ ᠬᠦᠴᠦᠨ ᠢ ᠠᠭᠤᠳᠠᠯᠵᠤ᠂ ᠲᠥᠷᠥᠯ | ᠵᠦᠢᠯ ᠤᠨ ᠪᠥᠲᠥᠭᠡᠨ ᠪᠠᠶᠢᠭᠤᠯᠤᠯᠲᠠ᠂ ᠲᠣᠬᠢᠷᠠᠭᠤᠯᠤᠯᠲᠠ᠂ ᠠᠬᠢᠭᠤᠯᠬᠤ ᠵᠡᠷᠭᠡ ᠬᠠᠮᠢᠶ᠎ᠠ ᠪᠥᠬᠦᠶ ᠠᠵᠢᠯ ᠢ | ᠰᠠᠶᠢᠲᠤᠷ ᠬᠢᠬᠦ ᠬᠡᠷᠡᠭᠲᠡᠶ᠃ ᠡᠯ᠎ᠡ ᠠᠵᠢᠯ ᠲᠦᠷᠦᠯ ᠤᠨ ᠰᠠᠯᠠᠭ᠎ᠠ ᠮᠥᠴᠢᠷ ᠤᠨ ᠬᠢᠨ ᠬᠠᠮᠲᠤᠪᠠᠷ ᠬᠦᠴᠦᠯᠡᠵᠦ᠂ | ᠰᠠᠯᠠᠭ᠎ᠠ ᠮᠥᠴᠢᠷ ᠤᠨ ᠬᠤᠭᠤᠷᠣᠨᠳᠣᠬᠢ ᠵᠣᠬᠢᠴᠠᠭᠤᠯᠭ᠎ᠠ ᠬᠠᠮᠲᠤᠷᠠᠯᠴᠠᠭ᠎ᠠ ᠪᠠᠨ ᠴᠢᠩᠭᠠᠳᠬᠠᠨ᠂ ᠠᠵᠤ | ᠠᠬᠤᠶᠢᠯᠠᠯ ᠯᠤᠭ᠎ᠠ ᠶᠢᠨ ᠬᠠᠷᠢᠯᠴᠠᠭ᠎ᠠ ᠪᠠᠨ ᠴᠢᠩᠭᠠᠳᠬᠠᠵᠤ᠂ ᠲᠦᠷᠦᠯ ᠵᠦᠢᠯ ᠤᠨ ᠠᠬᠢᠴᠠ ᠶᠢ ᠴᠠᠭ ᠲᠤᠬᠠᠢ ᠳᠤᠨᠢ | ᠡᠵᠡᠮᠰᠢᠨ᠂ ᠵᠢᠯ ᠤᠨ ᠡᠬᠢᠨ ᠤ ᠲᠣᠭᠲᠠᠭᠰᠠᠨ ᠬᠠᠷᠠᠯᠲᠠ ᠶᠢ ᠪᠡᠶᠡᠯᠡᠭᠦᠯᠬᠦ ᠬᠡᠷᠡᠭᠲᠡᠢ᠃ ᠡᠯ᠎ᠡ ᠲᠦᠷᠦᠯ ᠤᠨ ᠵᠠᠬᠢᠳᠠᠯ | ᠰᠤᠷᠪᠤᠯᠵᠢᠯᠠᠯ ᠤᠨ ᠲᠣᠭᠲᠠᠭᠤᠨ ᠢ ᠬᠠᠮᠠᠭᠠᠯᠠᠬᠤ ᠵᠢᠴᠢ ᠠᠶᠤᠯ ᠲᠦᠭᠰᠢᠭᠦᠷᠢ ᠶᠢ ᠰᠡᠷᠭᠡᠶᠢᠯᠡᠬᠦ᠂ ᠠᠮᠤᠷ ᠲᠦᠪᠰᠢᠨ ᠢ | ᠪᠠᠲᠤᠯᠠᠬᠤ᠂ ᠲᠣᠭᠲᠠᠭᠤᠨ ᠢ ᠬᠠᠮᠠᠭᠠᠯᠠᠬᠤ ᠡᠯ᠎ᠡ ᠲᠦᠷᠦᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ | ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠩᠭᠤᠢ ᠲᠣᠭᠲᠠᠭᠤᠨ ᠢ ᠦᠨᠡᠨ ᠬᠦ ᠬᠠᠮᠠᠭᠠᠯᠠᠬᠤ ᠬᠡᠷᠡᠭᠲᠡᠢ ᠭᠡᠵᠦ | ᠴᠢᠬᠤᠯᠠᠴᠢᠯᠠᠪᠠ᠃ |