ᠬᠤᠷᠴᠢᠨ ᠪᠠᠷᠠᠭᠤᠨ ᠡᠮᠦᠨᠡᠲᠦ ᠬᠤᠰᠢᠭᠤ ᠤᠰᠤᠨ ᠲᠤᠲᠤᠷᠭ᠎ᠠ ᠶᠢ ᠵᠢᠯᠣᠭᠤᠴᠢ ᠥᠬᠡᠶ ᠨᠢᠰᠬᠡᠯ ᠢᠶᠠᠷ ᠲᠠᠷᠢᠬᠤ ᠲᠤᠬᠠᠶ ᠶᠢᠨ ᠲᠠᠯᠠᠪᠠᠢ ᠶᠢᠨ ᠦᠵᠡᠭᠦᠯᠭᠡ ᠶᠢᠨ ᠬᠤᠷᠠᠯ ᠡᠷᠭᠢᠯᠡᠵᠡᠢ
ᠨᠡᠶᠢᠲᠡᠯᠡᠭᠰᠡᠨ ᠴᠠᠭ᠄
2025/5/22
    5 ᠰᠠᠷ᠎ᠠ ᠶᠢᠨ 17 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠢᠨ 2025 ᠣᠨ ᠤ ᠤᠰᠤᠨ ᠲᠤᠲᠤᠷᠭ᠎ᠠ ᠶᠢ ᠵᠢᠯᠣᠭᠤᠴᠢ ᠥᠬᠡᠶ ᠨᠢᠰᠬᠡᠯ ᠢᠶᠠᠷ ᠲᠠᠷᠢᠬᠤ ᠲᠤᠬᠠᠶ ᠶᠢᠨ ᠲᠠᠯᠠᠪᠠᠶ ᠶᠢᠨ ᠦᠵᠡᠭᠦᠯᠭᠡ ᠶᠢᠨ ᠴᠤᠭᠯᠠᠭᠠᠨ ᠡᠷᠭᠢᠯᠡᠵᠦ᠂ ᠡᠯ᠎ᠡ ᠰᠤᠮᠤ ᠰᠢᠶᠠᠩ ᠪᠠᠯᠭᠠᠰᠤᠨ ᠤ ᠲᠠᠷᠢᠶᠠᠯᠠᠩ ᠮᠠᠯ ᠠᠵᠤ ᠠᠬᠤᠶ ᠶᠢᠨ ᠮᠡᠷᠭᠡᠵᠢᠯᠲᠡᠨ᠂ ᠤᠰᠤᠨ ᠲᠤᠲᠤᠷᠭ᠎ᠠ ᠳᠠᠷᠢᠬᠤ ᠡᠷᠦᠬᠡ᠂ ᠬᠤᠷᠰᠢᠶ᠎ᠠ ᠵᠡᠷᠭᠡ ᠶᠢᠨ ᠬᠠᠮᠢᠶ᠎ᠠ ᠪᠦᠬᠦᠢ 50 ᠭᠠᠷᠤᠶ ᠬᠥᠮᠦᠨ ᠲᠤᠰ ᠤᠳᠠᠭᠠᠨ ᠤ ᠦᠵᠡᠬᠦᠯᠭᠡ ᠳᠤ ᠣᠷᠣᠯᠴᠠᠵᠠᠶ᠃    ᠦᠵᠡᠭᠦᠯᠭᠡ ᠶᠢᠨ ᠴᠤᠭᠯᠠᠭᠠᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠯᠳᠠᠷ ᠰᠤᠮᠤᠨ ᠤ ᠭᠤᠸᠠᠩ ᠮᠢᠩ ᠭᠠᠴᠠᠭ᠎ᠠ ᠳᠤ ᠶᠠᠪᠤᠭᠳᠠᠪᠠ᠃ ᠡ᠊ᠨᠳᠡᠬᠢ ᠭᠠᠵᠠᠷ ᠤᠨ ᠪᠠᠶᠢᠴᠠ ᠨᠢ ᠨᠠᠮ ᠳᠣᠤᠷ᠎ᠠ ᠪᠠᠶᠢᠵᠤ᠂ ︽ᠤᠰᠤ ᠠᠷᠪᠢᠯᠠᠬᠤ ᠤᠰᠤᠯᠠᠯᠲᠠ ᠶᠢᠨ ᠮᠡᠷᠭᠡᠵᠢᠯ ᠤᠨ ᠰᠢᠨᠡᠴᠢᠯᠡᠯᠲᠡ + ᠤᠶᠤᠨᠲᠤ ᠲᠠᠷᠢᠶᠠᠯᠠᠩ ᠤᠨ ᠰᠢᠰᠲ᠋ᠧᠮ ᠤᠨ ᠴᠤᠭᠯᠠᠷᠠᠯ︾ ᠢᠶᠠᠷ ᠭᠤᠤᠯ ᠪᠣᠯᠭᠠᠭᠰᠠᠨ ᠠᠷᠭ᠎ᠠ ᠶᠢ ᠬᠡᠷᠡᠭᠯᠡᠨ᠂ ᠲᠣᠰ ᠲᠠᠷᠢᠮᠠᠯ ᠤᠨ ᠣᠷᠣᠨ ᠢ ᠤᠰᠤᠲᠤᠭᠰᠠᠨ ᠬᠤᠲᠣᠭᠤᠷ ᠭᠠᠵᠠᠷ ᠠᠴᠠ ᠤᠰᠤᠨ ᠲᠠᠷᠢᠶ᠎ᠠ ᠪᠣᠯᠭᠠᠨ ᠥᠭᠡᠷᠡᠴᠢᠯᠡᠵᠦ᠂ ᠨᠢᠰᠬᠡᠯ ᠢᠶᠠᠷ ᠳᠠᠷᠢᠵᠤ ᠪᠠᠶᠢᠨ᠎ᠠ᠃ ᠦᠵᠡᠭᠦᠯᠭᠡ ᠶᠢᠨ ᠬᠤᠷᠠᠯ ᠳᠡᠭᠡᠷ᠎ᠡ᠂ ᠲᠠᠷᠢᠶᠠᠯᠠᠩ ᠤᠨ ᠲᠤᠰᠬᠠᠶ ᠮᠡᠷᠭᠡᠵᠢᠯᠲᠡᠨ ᠵᠢᠯᠣᠭᠤᠴᠢ ᠥᠬᠡᠶ ᠨᠢᠰᠬᠡᠯ ᠢᠶᠠᠷ ᠲᠠᠷᠢᠬᠤ ᠳᠠᠪᠠᠭᠤᠯᠢᠭ ᠵᠢᠴᠢ ᠠᠩᠬᠠᠷᠬᠤ ᠴᠢᠬᠤᠯᠠᠲᠠᠶ ᠵᠦᠢᠯᠡᠰ ᠵᠡᠷᠭᠡ ᠶᠢᠨ ᠲᠣᠭᠤᠷᠢᠨ ᠳᠤ ᠲᠠᠶᠢᠯᠤᠮᠵᠢ ᠬᠢᠪᠠ᠃ ᠳᠠᠷᠠᠭ᠎ᠠ ᠪᠠᠷ ᠨᠢ᠂ 6 ᠵᠢᠯᠣᠭᠤᠴᠢ ᠥᠬᠡᠶ ᠨᠢᠰᠬᠡᠯ ᠲᠣᠭᠲᠠᠭᠰᠠᠨ ᠠᠶᠠᠯᠠᠯ ᠤᠨ ᠱᠤᠭᠤᠮ ᠢᠶᠠᠷ ᠨᠢᠰᠴᠦ᠂ ᠲᠤᠲᠤᠷᠭ᠎ᠠ ᠶᠢᠨ ᠦᠷ᠎ᠡ ᠶᠢ ᠲᠤᠲᠤᠷᠭ᠎ᠠ ᠶᠢᠨ ᠲᠠᠷᠢᠶᠠᠨ ᠳᠤ ᠵᠢᠭᠳᠡ ᠪᠠᠷ ᠰᠠᠴᠤᠪᠠ᠃ ᠬᠤᠷᠠᠯ ᠳᠤ ᠣᠷᠣᠯᠴᠠᠭᠰᠠᠳ ᠲᠤᠬᠠᠶ ᠶᠢᠨ ᠭᠠᠵᠠᠷ ᠲᠤᠨᠢ ᠰᠤᠷᠤᠯᠴᠠᠬᠤ ᠶᠢᠨ ᠬᠠᠮᠲᠤ ᠰᠠᠨᠠᠯ ᠢᠶᠠᠨ ᠰᠣᠯᠢᠯᠴᠠᠪᠠ᠃    ᠣᠶᠢᠯᠠᠭᠠᠭᠰᠠᠨ ᠢᠶᠠᠷ᠂ ᠤᠯᠠᠮᠵᠢᠯᠠᠯᠲᠤ ᠤᠰᠤᠨ ᠲᠤᠲᠤᠷᠭ᠎ᠠ ᠳᠠᠷᠢᠬᠤ ᠮᠡᠷᠭᠡᠵᠢᠯ ᠲᠠᠢ ᠬᠠᠷᠢᠴᠠᠭᠤᠯᠪᠠᠯ᠂ ᠵᠢᠯᠣᠭᠤᠴᠢ ᠥᠬᠡᠶ ᠨᠢᠰᠬᠡᠯ ᠢᠶᠠᠷ ᠲᠠᠷᠢᠬᠤ ᠮᠡᠷᠭᠡᠵᠢᠯ ᠤᠨ ᠳᠠᠪᠠᠭᠤᠯᠢᠭ ᠨᠢ ᠢᠯᠡᠷᠬᠡᠶ ᠪᠠᠶᠢᠵᠤ᠂ ᠪᠸᠢ ᠳ᠋ᠧᠦ ᠪᠠᠶᠢᠷᠢ ᠲᠣᠭᠲᠠᠭᠠᠯᠲᠠ ᠪᠠ ᠠᠯᠤᠰ ᠰᠡᠷᠡᠯ ᠤᠨ ᠮᠡᠷᠭᠡᠵᠢᠯ ᠢᠶᠠᠷ ᠳᠡᠮᠵᠢᠨ᠂ ᠲᠠᠷᠢᠶᠠᠨ ᠭᠠᠵᠠᠷ ᠤᠨ ᠬᠡᠯᠪᠡᠷᠢ ᠳᠦᠷᠰᠦ ᠶᠢ ᠦᠨᠳᠦᠰᠦᠯᠡᠨ ᠬᠠᠮᠤᠭ ᠤᠨ ᠰᠢᠯᠢᠳᠡᠭ ᠠᠷᠭ᠎ᠠ ᠵᠠᠮ ᠢ ᠠᠦ᠋ᠲ᠋ᠣ᠋ ᠲᠥᠯᠥᠪᠵᠢᠭᠦᠯᠵᠦ᠂ ᠣᠷᠬᠢᠭᠳᠠᠭᠤᠯᠤᠨ ᠳᠠᠷᠢᠬᠤ ᠨᠣᠷᠮ᠎ᠠ ᠶᠢ ᠪᠠᠭᠤᠷᠠᠭᠤᠯᠤᠨ᠂ ᠠᠵᠢᠯᠯᠠᠬᠤ ᠬᠤᠷᠳᠤᠴᠠ ᠶᠢ ᠤᠯᠠᠮᠵᠢᠯᠠᠯᠲᠤ ᠬᠥᠮᠦᠨ ᠤ ᠬᠦᠴᠦ ᠪᠠᠷ ᠳᠠᠷᠢᠬᠤ ᠦᠷ᠎ᠡ ᠪᠦᠲᠦᠮᠵᠢ ᠠᠴᠠ 30 ᠳᠠᠬᠢᠨ ᠰᠢᠬᠠᠮ ᠳᠡᠭᠡᠭᠰᠢᠯᠡᠭᠦᠯᠵᠦ᠂ ᠤᠰᠤ ᠠᠷᠪᠢᠯᠠᠬᠤ᠂ ᠦᠷ᠎ᠡ ᠠᠰᠢᠭ ᠢ ᠨᠡᠮᠡᠭᠳᠡᠭᠦᠯᠬᠦ᠂ ᠤᠨᠠᠯᠲᠠ ᠶᠢ ᠨᠡᠮᠡᠭᠳᠡᠭᠦᠯᠬᠦ  ᠦᠢᠯᠡᠳᠦᠯ ᠭᠠᠷᠭᠠᠵᠤ᠂ ᠣᠲᠣ ᠦᠶ᠎ᠡ ᠶᠢᠨ ᠲᠠᠷᠢᠶᠠᠯᠠᠩ ᠤᠨ ᠬᠥᠭᠵᠢᠯᠲᠡ ᠶᠢ ᠬᠠᠶᠢᠨ ᠰᠦᠪᠡᠭᠴᠢᠯᠡᠬᠦ ᠳᠤ ᠯᠠᠪᠳᠠᠭᠤᠨ ᠪᠠᠲᠤᠲᠠᠶ ᠨᠢᠭᠡ ᠠᠯᠬᠤᠮ ᠢ ᠠᠯᠬᠤᠭᠰᠠᠨ ᠪᠠᠶᠢᠨ᠎ᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号