| 5 ᠰᠠᠷ᠎ᠠ ᠶᠢᠨ 22 ᠤᠨ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠪᠣᠯᠤᠨ ᠬᠢᠩᠭᠠᠨ | ᠠᠶᠢᠮᠠᠭ ᠤᠨ ᠲᠠᠷᠢᠶᠠᠯᠠᠩ ᠤᠨ ᠬᠦᠭᠵᠢᠬᠦᠯᠦᠯᠳᠡ ᠶᠢᠨ ᠪᠠᠩᠭᠢ ᠶᠠᠷᠢᠯᠴᠠᠬᠤ ᠬᠤᠷᠠᠯ ᠬᠢᠵᠦ᠂ ᠬᠢᠩᠭᠠᠨ ᠠᠶᠢᠮᠠᠭ ᠤᠨ | ᠵᠠᠬᠢᠷᠭ᠎ᠠ ᠶᠢᠨ ᠳᠡᠳ᠋ ᠳᠠᠷᠤᠭ᠎ᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ | ᠱᠦᠵᠢ ᠰᠦᠨ ᠱᠤ᠋ ᠲᠤᠤ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠯᠢᠦ ᠬᠠᠶ | ᠲᠤᠤ᠂ ᠬᠢᠩᠭᠠᠨ ᠠᠶᠢᠮᠠᠭ ᠤᠨ ᠲᠠᠷᠢᠶᠠᠯᠠᠩ ᠤᠨ ᠬᠦᠭᠵᠢᠭᠦᠯᠦᠯᠳᠡ ᠶᠢᠨ ᠪᠠᠩᠬᠢ ᠶᠢᠨ ᠨᠠᠮ ᠤᠨ ᠬᠤᠷᠢᠶᠠᠨ ᠤ ᠱᠦᠵᠢ᠂ | ᠪᠠᠩᠬᠢ ᠶᠢᠨ ᠳᠠᠷᠤᠭ᠎ᠠ ᠯᠢ ᠷᠦᠢ ᠴᠤᠸᠠᠨ ᠬᠤᠷᠠᠯ ᠳᠤ ᠣᠷᠣᠯᠴᠠᠵᠠᠶ᠃ | ᠬᠤᠷᠠᠯ ᠠᠴᠠ ᠬᠢᠩᠭᠠᠨ ᠠᠶᠢᠮᠠᠭ ᠤᠨ ᠲᠠᠷᠢᠶᠠᠯᠠᠩ ᠤᠨ ᠬᠦᠭᠵᠢᠭᠦᠯᠦᠯᠳᠡ ᠶᠢᠨ ᠪᠠᠩᠬᠢ ᠶᠢᠨ ᠲᠦᠷᠦ ᠶᠢᠨ | ᠪᠤᠳᠤᠯᠭ᠎ᠠ ᠶᠢᠨ ᠴᠢᠨᠠᠷᠲᠠᠢ ᠰᠠᠭᠤᠷᠢ ᠮᠥᠩᠭᠦ ᠶᠢᠨ ᠳᠡᠮᠵᠢᠯᠭᠡ ᠶᠢᠨ ᠠᠷᠭ᠎ᠠ ᠬᠡᠯᠪᠡᠷᠢ᠂ ᠪᠡᠯᠡ ᠣᠷᠣᠭᠤᠯᠤᠯᠲᠠ ᠶᠢᠨ | ᠴᠠᠭ ᠵᠡᠷᠭᠡ ᠪᠠᠶᠢᠳᠠᠯ ᠤᠨ ᠲᠤᠬᠠᠢ ᠲᠠᠨᠢᠯᠴᠠᠭᠤᠯᠭ᠎ᠠ ᠶᠢ ᠰᠣᠨᠣᠰᠴᠠᠢ᠃ | ᠬᠤᠷᠠᠯ ᠠᠴᠠ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠴᠠᠭ ᠢ ᠠᠮᠵᠢᠵᠤ᠂ ᠲᠤᠰᠬᠠᠢ ᠬᠥᠮᠦᠨ ᠢ | ᠵᠣᠬᠢᠶᠠᠨ ᠪᠠᠶᠢᠭᠤᠯᠵᠤ ᠲᠦᠷᠦᠯ ᠵᠦᠢᠯ ᠤᠨ ᠬᠠᠮᠢᠶ᠎ᠠ ᠪᠦᠬᠦᠢ ᠮᠠᠲ᠋ᠧᠷᠢᠶᠠᠯ ᠢ ᠴᠤᠭᠯᠠᠭᠤᠯᠤᠨ ᠡᠮᠬᠢᠳᠬᠡᠵᠦ᠂ | ᠣᠳᠣᠬᠠᠨ ᠤ ᠪᠣᠯᠪᠠᠰᠤᠷᠠᠩᠭᠤᠢ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠬᠡᠬᠦ ᠪᠠ | ᠲᠦᠷᠦᠯ ᠵᠦᠢᠯ ᠤᠨ ᠰᠠᠭᠤᠷᠢ ᠮᠥᠩᠭᠦ ᠶᠢ ᠭᠤᠶᠤᠴᠢᠯᠠᠨ ᠮᠡᠳᠡᠭᠦᠯᠬᠦ ᠠᠵᠢᠯ ᠢ ᠲᠦᠷᠭᠡᠨ ᠥᠷᠨᠢᠭᠦᠯᠬᠦ ᠬᠡᠷᠡᠭᠲᠡᠢ᠃ | ᠲᠥᠷᠥᠯ ᠵᠦᠢᠯ ᠤᠨ ᠬᠠᠷᠢᠭᠤᠴᠠᠯᠭᠠᠲᠠᠨ ᠬᠢᠭᠡᠳ ᠬᠢᠨᠠᠨ ᠮᠡᠳᠡᠭᠦᠯᠬᠦ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ | ᠲᠣᠳᠣᠷᠬᠠᠶᠢᠯᠠᠵᠤ᠂ ᠭᠦᠢᠴᠡᠳᠭᠡᠬᠦ ᠶᠠᠪᠤᠴᠠ ᠳᠤ ᠢᠯᠡᠷᠡᠭᠰᠡᠨ ᠠᠰᠠᠭᠤᠳᠠᠯ ᠳᠤ ᠴᠢᠭᠯᠡᠭᠦᠯᠦᠨ᠂ ᠨᠡᠪᠲᠡᠷᠡᠯᠴᠡᠨ | ᠬᠠᠮᠵᠢᠯᠴᠠᠬᠤ ᠪᠠᠨ ᠴᠢᠩᠭᠠᠳᠬᠠᠵᠤ᠂ ᠰᠢᠢᠳᠪᠤᠷᠢᠯᠡᠬᠦ ᠲᠥᠰᠦᠯ ᠢ ᠬᠠᠮᠲᠤᠪᠠᠷ ᠵᠥᠪᠳᠡᠯᠴᠡᠬᠦ ᠬᠡᠷᠡᠭᠲᠡᠶ᠃ ᠰᠠᠭᠤᠷᠢ | ᠮᠥᠩᠭᠦ ᠭᠤᠶᠤᠴᠢᠯᠠᠨ ᠮᠡᠳᠡᠭᠦᠯᠬᠦ ᠲᠦᠷᠦ ᠶᠢᠨ ᠪᠤᠳᠤᠯᠭ᠎ᠠ ᠶᠢ ᠭᠦᠨᠵᠡᠭᠡᠢ ᠰᠤᠳᠤᠯᠵᠤ᠂ ᠭᠤᠶᠤᠴᠢᠯᠠᠨ ᠮᠡᠳᠡᠭᠦᠯᠬᠦ | ᠱᠠᠭᠠᠷᠳᠠᠯᠭ᠎ᠠ ᠪᠣᠯᠤᠨ ᠭᠤᠣᠯᠳᠠᠯᠭ᠎ᠠ ᠶᠢ ᠣᠨᠣᠪᠴᠢᠲᠠᠢ ᠡᠵᠡᠮᠳᠡᠨ᠂ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠢ ᠨᠠᠷᠢᠨ | ᠨᠢᠮᠪᠠᠢ ᠨᠠᠶᠢᠷᠠᠭᠤᠯᠤᠨ ᠵᠣᠬᠢᠶᠠᠬᠤ ᠬᠡᠷᠡᠭᠲᠡᠢ ᠭᠡᠵᠡᠢ᠃ | ᠬᠤᠰᠢᠭᠤᠨ ᠤ ᠵᠠᠰᠠᠭ ᠤᠨ ᠣᠷᠳᠣᠨ ᠤ ᠬᠠᠮᠢᠶ᠎ᠠ ᠪᠥᠬᠦᠶ ᠤᠳᠤᠷᠢᠳᠤᠯᠭ᠎ᠠ᠂ ᠬᠤᠰᠢᠭᠤᠨ ᠤ ᠰᠢᠭᠤᠳ ᠬᠠᠷᠢᠶ᠎ᠠ | ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠠᠷ ᠬᠤᠷᠠᠯ ᠳᠤ ᠣᠷᠣᠯᠴᠠᠵᠠᠶ᠃ |