ᠰᠦᠨ ᠱᠤ᠋ ᠲᠤᠤ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢᠨ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠴᠠᠢ
ᠨᠡᠶᠢᠲᠡᠯᠡᠭᠰᠡᠨ ᠴᠠᠭ᠄
2025/5/23
     5 ᠰᠠᠷ᠎ᠠ ᠶᠢᠨ 21 ᠤ ᠡᠳᠦᠷ᠂ ᠬᠢᠩᠭᠠᠨ ᠠᠶᠢᠮᠠᠭ ᠤᠨ ᠵᠠᠬᠢᠷᠭ᠎ᠠ ᠶᠢᠨ ᠳᠡᠳ᠋ ᠳᠠᠷᠤᠭ᠎ᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠱᠤ᠋ ᠲᠤᠤ ᠬᠡᠰᠡᠭ ᠭᠤᠤᠯᠳᠠᠯᠭ᠎ᠠ ᠲᠠᠢ ᠠᠵᠤ ᠠᠬᠤᠶᠢᠯᠠᠯ ᠢᠶᠠᠷ ᠭᠦᠨᠵᠡᠭᠡᠶᠢᠷᠡᠨ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠥᠷᠨᠢᠭᠦᠯᠦᠭᠰᠡᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠵᠦ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠠᠷ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃    ᠰᠦᠨ ᠱᠤ᠋ ᠲᠤᠤ ᠨᠠᠷ ᠤᠷᠢᠳ ᠬᠤᠵᠢᠳ ᠴᠠᠭᠠᠨ ᠢᠳᠡᠭᠡᠨ ᠤ ᠠᠵᠤ ᠦᠢᠯᠡᠰ ᠤᠨ ᠬᠦᠷᠢᠶᠡᠯᠡᠩ᠂ ᠳ᠋ᠢᠩ ᠴᠧᠩ ᠰᠤᠪᠤᠳ ᠡᠷᠳᠡᠨᠢ ᠵᠡᠷᠭᠡ 10 ᠠᠵᠤ ᠠᠬᠤᠶᠢᠯᠠᠯ ᠢᠶᠠᠷ ᠭᠦᠨᠵᠡᠭᠡᠶᠢᠷᠡᠵᠦ᠂ ᠠᠵᠤ ᠠᠬᠤᠶᠢᠯᠠᠯ ᠤᠨ ᠡᠵᠡᠩᠨᠡᠯᠲᠡ᠂ ᠵᠠᠬ᠎ᠠ ᠳᠡᠯᠭᠡᠭᠦᠷ ᠤᠨ ᠥᠷᠭᠡᠵᠢᠯ᠂ ᠮᠡᠷᠭᠡᠵᠢᠯ ᠤᠨ ᠰᠢᠨ᠎ᠡ ᠶᠢ ᠡᠭᠦᠳᠬᠦ ᠵᠢᠴᠢ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢᠨ ︽ᠵᠠᠬᠢᠶᠠᠯᠠᠭ᠎ᠠ ᠶᠢᠨ ᠬᠡᠯᠪᠡᠷᠢ︾ ᠶᠢᠨ ᠳᠠᠭᠠᠭᠠᠴᠢᠯᠠᠨ ᠬᠤᠯᠪᠣᠭᠠᠯᠠᠵᠤ ᠬᠠᠪᠰᠤᠷᠤᠨ ᠲᠡᠳᠬᠦᠬᠦ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ ᠣᠶᠢᠯᠠᠭᠠᠪᠠ᠃    ᠰᠦᠨ ᠱᠤ᠋ ᠲᠤᠤ᠂ ︽ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ︾ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠵᠤ ᠥᠷᠨᠢᠭᠦᠯᠦᠭᠰᠡᠨ ︽ᠵᠢᠷᠭᠤᠭᠠᠨ ᠠᠵᠢᠯᠯᠠᠭ᠎ᠠ︾ ᠶᠢᠨ ᠨᠢᠭᠡ ᠪᠠᠶᠢᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠬᠦ᠂ ᠠᠵᠤ ᠠᠬᠤᠶᠢᠯᠠᠯ ᠤᠨ ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠬᠦ᠂ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠬᠤ ᠴᠢᠬᠤᠯᠠ ᠡᠭᠦᠷᠭᠡ ᠶᠢ ᠡᠭᠦᠷᠭᠡᠯᠡᠵᠦ ᠪᠠᠶᠢᠨ᠎ᠠ᠃ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢ ᠬᠥᠭᠵᠢᠭᠦᠯᠬᠦ ᠶᠢ ᠢᠮᠠᠭᠲᠠ ᠳᠤᠪᠤᠶᠢᠮ᠎ᠠ ᠪᠠᠶᠢᠷᠢᠨ ᠳᠤ ᠲᠠᠯᠪᠢᠵᠤ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠦᠨᠡᠨ ᠰᠡᠳᠬᠢᠯ ᠠᠴᠠ ᠪᠠᠨ ᠠᠵᠤ ᠠᠬᠤᠶᠢᠯᠠᠯ ᠤᠨ ᠬᠦᠴᠢᠷ ᠠᠰᠠᠭᠤᠳᠠᠯ ᠢ ᠰᠢᠢᠳᠪᠦᠷᠢᠯᠡᠨ ᠥᠭᠴᠦ᠂ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠬᠥᠭᠵᠢᠯᠲᠡ ᠶᠢ ᠠᠬᠢᠭᠤᠯᠤᠨ᠂ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠭᠦᠨᠵᠡᠭᠡᠢ ᠪᠥᠭᠡᠳ ᠪᠣᠳᠠᠲᠠᠢ ᠬᠢᠵᠦ᠂ ᠠᠵᠤ ᠠᠬᠤᠶᠢᠯᠠᠯ ᠤᠨ ᠡᠷᠡᠭᠦᠯ ᠢᠶᠠᠷ ᠬᠥᠭᠵᠢᠬᠦ ᠳᠤ ᠬᠦᠴᠤᠨ ᠨᠡᠮᠡᠷᠢᠯᠡᠬᠦ ᠬᠡᠷᠡᠭᠲᠡᠢ᠃ ᠥᠷᠭᠡᠨ ᠤᠯᠠᠨ ᠠᠵᠤ ᠠᠬᠤᠶᠢᠯᠠᠯ ᠢᠲᠡᠭᠡᠯ ᠵᠣᠷᠢᠭ ᠢᠶᠠᠨ ᠪᠠᠲᠤᠳᠬᠠᠵᠤ᠂ ᠡᠷᠴᠢ ᠵᠣᠷᠢᠭ ᠢᠶᠠᠨ ᠬᠥᠪᠴᠢᠯᠡᠨ᠂ ᠡᠵᠡᠩᠨᠡᠯᠲᠡ ᠶᠢᠨ ᠣᠶᠢᠯᠠᠭᠠᠭᠳᠠᠬᠤᠨ ᠢᠶᠠᠨ ᠰᠢᠨ᠎ᠡ ᠪᠠᠷ ᠡᠭᠦᠳᠴᠦ᠂ ᠵᠠᠬ᠎ᠠ ᠳᠡᠯᠭᠡᠭᠦᠷ ᠤᠨ ᠬᠡᠷᠡᠭᠴᠡᠭᠡ ᠶᠢ ᠬᠠᠷᠠᠭᠠᠯᠠᠨ᠂ ᠠᠵᠠ ᠲᠣᠬᠢᠶᠠᠯ ᠢ ᠣᠨᠣᠪᠴᠢᠲᠠᠢ ᠡᠵᠡᠮᠳᠡᠵᠦ᠂ ᠤᠶᠤᠨ ᠴᠢᠳᠠᠯ ᠢᠶᠠᠨ ᠲᠥᠪᠯᠡᠷᠡᠭᠦᠯᠦᠨ ᠭᠤᠣᠯ ᠠᠵᠢᠯ ᠢᠶᠠᠨ ᠬᠦᠴᠦᠷᠬᠡᠭᠵᠢᠭᠦᠯᠵᠦ᠂ ᠠᠵᠤ ᠠᠬᠤᠶᠢᠯᠠᠯ ᠤᠨ ᠭᠤᠣᠯᠯᠠᠭᠴᠢ ᠦᠷᠢᠰᠦᠯᠳᠦᠬᠦ ᠬᠦᠴᠦᠨ ᠢ ᠴᠢᠩᠭᠠᠳᠬᠠᠨ᠂ ᠵᠠᠰᠠᠭ ᠤᠨ ᠣᠷᠳᠣᠨ ᠪᠣᠯᠤᠨ ᠠᠵᠤ ᠠᠬᠤᠶᠢᠯᠠᠯ ᠤᠨ ︽ᠬᠤᠣᠰ ᠴᠢᠭᠯᠡᠯ ᠢᠶᠠᠷ ᠤᠷᠤᠭᠰᠢᠯᠠᠬᠤ︾ ᠶᠢ ᠪᠡᠶᠡᠯᠡᠭᠦᠯᠬᠦ ᠬᠡᠷᠡᠭᠲᠡᠢ ᠭᠡᠵᠡᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号