ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠠᠷᠪᠠᠨ ᠵᠢᠷᠭᠤᠳᠤᠭᠠᠷ ᠬᠤᠭᠤᠴᠠᠭᠠᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠬᠦᠨᠳᠦ ᠬᠥᠩᠭᠡᠨ ᠪᠡᠶ᠎ᠡ ᠶᠢᠨ ᠲᠠᠮᠢᠷ ᠤᠨ ᠤᠷᠤᠯᠳᠤᠭᠠᠨ ᠶᠠᠪᠤᠭᠳᠠᠭᠤᠯᠵᠠᠢ
ᠨᠡᠶᠢᠲᠡᠯᠡᠭᠰᠡᠨ ᠴᠠᠭ᠄
2025/5/26
     5 ᠰᠠᠷ᠎ᠠ ᠶᠢᠨ 21 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠬᠦᠨᠳᠦ ᠬᠥᠩᠭᠡᠨ ᠪᠡᠶ᠎ᠡ ᠶᠢᠨ ᠲᠠᠮᠢᠷ ᠤᠨ ᠤᠷᠤᠯᠳᠤᠭᠠᠨ ᠬᠤᠰᠢᠭᠤᠨ ᠤ ᠬᠤᠶᠠᠳᠤᠭᠠᠷ ᠳᠤᠮᠳᠠᠳᠤ ᠰᠤᠷᠭᠠᠭᠤᠯᠢ ᠳᠤ ᠡᠬᠢᠯᠡᠪᠡ᠃ ᠪᠦᠭᠦ ᠬᠤᠰᠢᠭᠤᠨ ᠤ 47 ᠰᠤᠷᠭᠠᠭᠤᠯᠢ ᠠᠴᠠ ᠢᠷᠡᠭᠰᠡᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠪᠡᠶ᠎ᠡ ᠶᠢᠨ ᠲᠠᠮᠢᠷ ᠤᠨ ᠤᠷᠤᠯᠳᠤᠭᠠᠨ ᠳᠤ ᠣᠷᠣᠯᠴᠠᠵᠤ᠂  ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠡᠪ ᠴᠢᠨᠠᠷ ᠤᠨ ᠰᠤᠷᠭᠠᠨ ᠬᠥᠮᠦᠵᠢᠯ ᠤᠨ ᠦᠷ᠎ᠡ ᠪᠦᠲᠦᠭᠡᠯ ᠢ ᠪᠦᠭᠦ ᠲᠠᠯ᠎ᠠ ᠪᠠᠷ ᠳᠡᠯᠭᠡᠨ ᠦᠵᠡᠭᠦᠯᠵᠡᠶ᠃    ᠲᠠᠮᠢᠷᠴᠢᠳ ᠤᠨ ᠤᠷᠤᠭᠰᠢᠯᠠᠯᠲᠠ ᠶᠢᠨ ᠲᠠᠭᠤᠤ ᠶᠢᠨ ᠬᠦᠭ ᠠᠶᠠᠰ ᠴᠤᠤᠷᠢᠶᠠᠳᠤᠬᠤ ᠶᠢ ᠳᠠᠭᠠᠯᠳᠤᠨ᠂ ᠲᠠᠮᠢᠷ ᠤᠨ ᠤᠷᠤᠯᠳᠤᠭᠠᠨ ᠤ ᠲᠠᠯᠠᠪᠠᠶ ᠳᠤ ᠣᠷᠣᠬᠤ ᠶᠣᠰᠣᠯᠠᠯ ᠵᠢᠩᠬᠢᠨᠢ ᠪᠠᠷ ᠡᠬᠢᠯᠡᠪᠡ᠃ ᠡᠯ᠎ᠡ ᠰᠤᠷᠭᠠᠭᠤᠯᠢ ᠶᠢᠨ ᠰᠤᠷᠤᠭᠴᠢᠳ ᠢᠶᠠᠷ ᠪᠦᠷᠢᠯᠳᠦᠭᠰᠡᠨ ᠵᠢᠭᠰᠠᠭᠠᠯ ᠤᠨ ᠠᠯᠬᠤᠭ᠎ᠠ ᠨᠢ ᠲᠡᠷᠢ ᠲᠡᠭᠰᠢ᠂ ᠡᠮᠬᠢ ᠵᠢᠷᠤᠮ ᠲᠠᠢ ᠪᠠᠶᠢᠵᠤ᠂ ᠰᠢᠨ᠎ᠡ ᠴᠠᠭ ᠦᠶ᠎ᠡ ᠶᠢᠨ ᠵᠠᠯᠠᠭᠤᠴᠤᠳ ᠪᠠᠭᠠᠴᠤᠳ ᠤᠨ ᠴᠤᠭ ᠵᠢᠪᠬᠤᠭ᠎ᠠ ᠶᠢ ᠢᠯᠡᠷᠡᠭᠦᠯᠪᠡ᠃ ᠲᠤᠭ ᠮᠠᠨᠳᠤᠭᠤᠯᠬᠤ ᠰᠦᠷ ᠵᠢᠪᠬᠤᠯᠠᠩᠲᠤ ᠶᠣᠰᠣᠯᠠᠯ ᠤᠨ ᠳᠠᠷᠠᠭ᠎ᠠ᠂ ᠰᠤᠷᠤᠭᠴᠢᠳ ᠤᠨ ᠲᠥᠯᠥᠭᠡᠯᠡᠭᠴᠢ ᠪᠣᠯᠤᠨ ᠬᠢᠨᠠᠭᠴᠢ ᠶᠢᠨ ᠲᠥᠯᠥᠭᠡᠯᠡᠭᠴᠢ ᠳᠡᠰ ᠳᠠᠷᠠᠭ᠎ᠠ ᠪᠠᠷ ᠲᠥᠪ ᠴᠢᠩᠭ᠎ᠠ ᠪᠠᠷ ᠲᠠᠩᠭᠠᠷᠢᠭᠯᠠᠵᠤ᠂ ᠳᠡᠳᠡᠨ ᠤ ᠰᠦᠷ ᠵᠢᠪᠬᠤᠯᠠᠩᠲᠤ ᠲᠠᠩᠭᠠᠷᠢᠭ ᠨᠢ ᠡᠷᠬᠡ ᠲᠡᠭᠰᠢ ᠤᠷᠤᠯᠳᠤᠭᠠᠨ ᠢ ᠪᠠᠲᠤ ᠰᠠᠬᠢᠬᠤ ᠪᠠ ᠰᠢᠯᠭᠠᠷᠠᠭᠰᠠᠨ ᠠᠮᠵᠢᠯᠲᠠ ᠤᠯᠬᠤ ᠵᠣᠷᠢᠭ ᠢ ᠳᠠᠮᠵᠢᠭᠤᠯᠪᠠ᠃    ᠳᠣᠬᠢᠶᠠᠨ ᠫᠤᠤ ᠳᠤᠤᠭᠠᠷᠮᠠᠭᠴᠠ ᠡᠯ᠎ᠡ ᠲᠦᠷᠦᠯ ᠤᠨ ᠤᠷᠤᠯᠳᠤᠭᠠᠨ ᠵᠢᠩᠬᠢᠨᠢ ᠪᠠᠷ ᠡᠬᠢᠯᠡᠪᠡ᠃ ᠲᠠᠮᠢᠷ ᠤᠨ ᠲᠠᠯᠠᠪᠠᠢ ᠳᠤ᠂ ᠰᠤᠷᠤᠭᠴᠢᠳ ᠬᠦᠴᠦᠯᠡᠨ ᠲᠡᠮᠡᠴᠡᠵᠦ᠂ ᠵᠠᠯᠠᠭᠤ ᠨᠠᠰᠤᠨ ᠤ ᠭᠡᠷᠡᠯ ᠭᠢᠯᠪᠠᠭ᠎ᠠ ᠪᠣᠯᠤᠨ ᠣᠷᠭᠢᠯᠤᠮ᠎ᠠ ᠰᠡᠳᠬᠢᠯᠭᠡ ᠲᠦᠬᠦᠷᠴᠦ ᠪᠠᠶᠢᠯ᠎ᠠ᠃ ︽ᠪᠢ ᠥᠨᠳᠥᠷ ᠦᠰᠦᠷᠬᠦ ᠪᠠ ᠬᠤᠯᠠ ᠬᠠᠷᠠᠶᠢᠯᠲᠠ ᠶᠢᠨ ᠤᠷᠤᠯᠳᠤᠭᠠᠨ ᠳᠤ ᠣᠷᠣᠯᠴᠠᠵᠡᠢ᠂ ᠰᠤᠷᠭᠠᠭᠤᠯᠢ ᠪᠠᠨ ᠲᠥᠯᠥᠭᠡᠯᠡᠨ ᠡᠨᠡ ᠤᠳᠠᠭᠠᠨ ᠤ ᠲᠠᠮᠢᠷ ᠤᠨ ᠤᠷᠤᠯᠳᠤᠭᠠᠨ ᠳᠤ ᠣᠷᠣᠯᠴᠠᠭᠰᠠᠨ ᠳᠠᠭᠠᠨ ᠲᠦᠢᠯ ᠢᠶᠠᠷ ᠣᠮᠣᠭᠰᠢᠵᠤ ᠪᠠᠶᠢᠨ᠎ᠠ᠂ ᠪᠢ ᠯᠠᠪᠲᠠᠶ ᠪᠦᠬᠦ ᠬᠦᠴᠦᠨ ᠢᠶᠠᠷ ᠢᠶᠠᠨ ᠴᠢᠷᠮᠠᠶᠢᠵᠤ᠂ ᠰᠠᠶᠢᠨ ᠬᠢᠷᠢ ᠪᠦᠲᠦᠮᠵᠢ ᠣᠯᠵᠤ᠂ ᠰᠤᠷᠭᠠᠭᠤᠯᠢ ᠳᠠᠭᠠᠨ ᠢᠷᠠᠭᠤ ᠠᠯᠳᠠᠷ ᠣᠯᠭᠤᠨ᠎ᠠ︾ ᠭᠡᠵᠦ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠢᠭᠡᠳᠦᠭᠡᠷ ᠪᠠᠭ᠎ᠠ ᠰᠤᠷᠭᠠᠭᠤᠯᠢ ᠶᠢᠨ 6 ᠳ᠋ᠣᠭᠠᠷ ᠣᠨ ᠤ 5 ᠳ᠋ᠤᠭᠠᠷ ᠠᠩᠬᠢ ᠶᠢᠨ ᠰᠤᠷᠤᠭᠴᠢ ᠴᠧᠨ ᠸᠧᠨ ᠵᠢᠩ  ᠢᠲᠡᠭᠡᠯ ᠳᠡᠭᠦᠯᠳᠡᠷ ᠬᠡᠯᠡᠨ᠎ᠡ᠃    ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶᠠᠨ ᠤ ᠳᠠᠳ᠋ ᠳᠠᠷᠤᠭ᠎ᠠ ᠸᠠᠩ ᠲᠢᠶᠠᠨ ᠯᠦᠩ᠄ ︽ᠳᠤᠰ ᠬᠤᠭᠤᠴᠠᠭᠠᠨ ᠤ ᠪᠡᠶ᠎ᠡ ᠶᠢᠨ ᠲᠠᠮᠢᠷ ᠤᠨ ᠤᠷᠤᠯᠳᠤᠭᠠᠨ ᠪᠣᠯ ᠪᠦᠭᠦ ᠬᠤᠰᠢᠭᠤᠨ ᠤ ᠬᠡᠪ ᠴᠢᠨᠠᠷ ᠤᠨ ᠰᠤᠷᠭᠠᠨ ᠬᠥᠮᠦᠵᠢᠯ ᠤᠨ ᠦᠷ᠎ᠡ ᠪᠦᠲᠦᠭᠡᠯ ᠢ ᠳᠡᠯᠭᠡᠨ ᠦᠵᠡᠭᠦᠯᠬᠦ ᠴᠢᠬᠤᠯᠠ ᠴᠣᠩᠬᠤᠪᠴᠢ ᠮᠥᠨ᠂ ᠪᠡᠶ᠎ᠡ ᠶᠢᠨ ᠲᠠᠮᠢᠷ ᠤᠨ ᠤᠷᠤᠯᠳᠤᠭᠠᠨ ᠨᠢ ᠰᠤᠷᠤᠭᠴᠢᠳ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠳᠤ ᠤᠷᠤᠯᠴᠠᠬᠤ ᠤᠷᠮ᠎ᠠ ᠪᠠᠬ᠎ᠠ ᠶᠢ ᠬᠥᠭᠵᠢᠭᠡᠵᠦ᠂ ᠳᠡᠳᠡᠨ ᠤ ᠨᠠᠰᠤᠨ ᠲᠤᠷᠰᠢᠳᠠ ᠶᠢᠨ ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠰᠠᠶᠢᠠ ᠰᠠᠶᠢᠬᠠᠨ ᠳᠠᠳᠬᠠᠯ ᠲᠠᠢ ᠪᠣᠯᠬᠤ ᠳᠤ ᠰᠠᠭᠤᠷᠢ ᠪᠤᠯᠬᠤ ᠶᠢ ᠬᠦᠰᠡᠵᠦ ᠪᠠᠶᠢᠨ᠎ᠠ︾ ᠭᠡᠵᠡᠶ᠃    ᠣᠶᠢᠯᠠᠭᠠᠭᠰᠠᠨ ᠢᠶᠠᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠬᠦᠨᠳᠦ ᠬᠥᠩᠭᠡᠨ ᠤ ᠪᠡᠶ᠎ᠡ ᠶᠢᠨ ᠲᠠᠮᠢᠷ ᠤᠨ ᠤᠷᠤᠯᠳᠤᠭᠠᠨ 3 ᠡᠳᠦᠷ ᠶᠠᠪᠤᠭᠳᠠᠵᠤ᠂ ᠥᠨᠳᠥᠷ ᠳᠤᠮᠳᠠᠳᠤ᠂ ᠠᠩᠬ᠎ᠠ ᠳᠤᠮᠳᠠᠳᠤ᠂ ᠪᠠᠭ᠎ᠠ ᠰᠤᠷᠭᠠᠭᠤᠯᠢ ᠶᠢᠨ ᠭᠤᠷᠪᠠᠨ ᠶᠡᠭᠡ ᠤᠷᠤᠯᠳᠤᠭᠠᠨ ᠤ ᠳᠤᠭᠤᠶᠢᠯᠠᠩ ᠭᠠᠷᠭᠠᠵᠤ᠂ ᠣᠶᠢᠷ᠎ᠠ ᠭᠦᠶᠦᠯᠲᠡ᠂ ᠳᠤᠮᠳᠠ ᠬᠤᠯᠠ ᠭᠦᠶᠦᠯᠲᠡ᠂ ᠬᠤᠯᠠ ᠬᠠᠷᠠᠶᠢᠯᠲᠠ᠂ ᠥᠨᠳᠥᠷ ᠦᠰᠦᠷᠦᠯᠲᠡ᠂ ᠰᠢᠷᠡᠮᠦᠨ ᠪᠥᠮᠪᠦᠭᠡ ᠵᠡᠷᠭᠡ 20 ᠲᠣᠮᠣ ᠤᠷᠤᠯᠳᠤᠭᠠᠨ ᠤ ᠲᠥᠷᠥᠯ᠂ 74 ᠪᠠᠭ᠎ᠠ ᠤᠷᠤᠯᠳᠤᠭᠠᠨ ᠢ ᠨᠠᠷᠢᠨ ᠨᠢᠮᠪᠠᠶ ᠲᠣᠬᠢᠷᠠᠭᠤᠯᠤᠭᠰᠠᠨ ᠪᠠᠶᠢᠨ᠎ᠠ᠃ 750 ᠰᠢᠬᠠᠮ ᠲᠠᠮᠢᠷᠴᠢᠨ ᠤᠷᠤᠯᠳᠤᠭᠠᠨ ᠤ ᠲᠠᠯᠠᠪᠤᠷ ᠲᠤ ᠰᠢᠷᠦᠭᠦᠨ ᠥᠷᠢᠰᠥᠯᠳᠦᠭᠡᠨ ᠶᠠᠪᠤᠭᠤᠯᠵᠤ᠂ ᠪᠦᠬᠦ ᠬᠦᠴᠦ ᠪᠠᠷ  ᠢᠶᠠᠨ ᠲᠡᠮᠡᠴᠡᠬᠦ ᠵᠣᠷᠢᠭ ᠢ ᠡᠪᠦᠷᠯᠡᠨ᠂ ᠪᠣᠳᠠᠲᠤ ᠬᠦᠴᠦᠨ ᠢᠶᠠᠷ ᠢᠶᠠᠨ ᠵᠠᠯᠠᠭᠤ ᠨᠠᠰᠤᠨ ᠤ ᠢᠷᠠᠭᠤ ᠬᠠᠭᠤᠳᠠᠰᠤ ᠶᠢ ᠪᠢᠴᠢᠭᠯᠡᠭᠰᠡᠨ ᠪᠠᠶᠢᠨ᠎ᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号