| 5 ᠰᠠᠷ᠎ᠠ ᠶᠢᠨ 23 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠴᠢᠨ ᠪᠠᠷᠠᠭᠤᠨ ᠭᠠᠷᠤᠨ | ᠡᠮᠦᠨᠡᠲᠦ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ | ᠤᠳᠤᠷᠢᠳᠬᠤ ᠳᠤᠭᠤᠶᠢᠯᠠᠩ ᠤᠨ ᠲᠠᠪᠢᠨ ᠳᠣᠯᠣᠳᠤᠭᠠᠷ ᠬᠤᠷᠠᠯ ᠪᠣᠯᠤᠨ ᠬᠤᠷᠴᠢᠨ ᠪᠠᠷᠠᠭᠤᠨ ᠭᠠᠷᠤᠨ ᠡᠮᠦᠨᠡᠲᠦ | ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ ᠲᠠᠪᠢᠨ ᠨᠢᠭᠡᠳᠦᠭᠡᠷ | ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ | ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠰᠢᠭᠤᠨ ᠳᠠᠷᠤᠭ᠎ᠠ | ᠯᠢᠦ ᠬᠠᠶ ᠲᠤᠤ ᠬᠤᠷᠠᠯ ᠳᠤ ᠣᠷᠣᠯᠴᠠᠵᠤ ᠬᠤᠷᠠᠯ ᠢ ᠡᠷᠭᠢᠯᠡᠪᠡ᠃ ᠬᠤᠰᠢᠭᠤᠨ ᠤ ᠵᠠᠰᠠᠭ ᠤᠨ ᠣᠷᠳᠣᠨ ᠤ ᠨᠠᠮ ᠤᠨ | ᠤᠳᠤᠷᠢᠳᠬᠤ ᠳᠤᠭᠤᠶᠢᠯᠠᠩ ᠤᠨ ᠭᠡᠰᠢᠬᠦᠨ᠂ ᠬᠤᠰᠢᠭᠤᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠤᠨ | ᠭᠡᠰᠢᠬᠦᠨ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠠᠷ | ᠬᠤᠷᠠᠯ ᠳᠤ ᠣᠷᠣᠯᠴᠠᠵᠠᠶ᠃ | ᠬᠤᠷᠠᠯ ᠠᠴᠠ ᠰᠢ ᠶᠢᠨ ᠫᠢᠩ ᠶᠡᠷᠦᠩᠬᠡᠶ ᠱᠦᠵᠢ ᠶᠢᠨ 35 ᠳ᠋ᠤᠭᠠᠷ ᠪᠦᠬᠦ ᠤᠯᠤᠰ ᠤᠨ ᠵᠡᠮᠳᠡᠭᠴᠦᠳ ᠢ | ᠲᠤᠰᠠᠯᠠᠬᠤ ᠡᠳᠦᠷ ᠬᠦᠷᠴᠦ ᠢᠷᠡᠬᠦ ᠲᠠᠰᠢᠷᠠᠮ ᠳᠤ ᠦᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ | ᠶᠡᠷᠦᠩᠬᠡᠶ ᠱᠦᠵᠢ ᠰᠢ ᠶᠢᠨ ᠫᠢᠩ ᠠᠷᠪᠠᠨ ᠲᠠᠪᠤᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢ ᠨᠠᠶᠢᠷᠠᠭᠤᠯᠤᠨ | ᠵᠣᠬᠢᠶᠠᠬᠤ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠳᠤᠮᠳᠠᠳᠤ ᠤᠯᠤᠰ ᠤᠨ ᠡᠪ ᠬᠠᠮᠲᠤ | ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ︽ᠨᠠᠮ ᠵᠠᠰᠠᠭ ᠤᠨ ᠪᠠᠶᠢᠭᠤᠯᠭ᠎ᠠ ᠶᠢᠨ | ᠠᠷᠪᠢᠯᠠᠨ ᠭᠠᠮᠨᠠᠬᠤ ᠶᠢ ᠴᠢᠩᠭ᠎ᠠ ᠬᠡᠷᠡᠭᠵᠢᠭᠦᠯᠵᠦ ᠪᠦᠷᠢᠯᠭᠡᠨ ᠰᠦᠢᠳᠭᠡᠬᠦ ᠶᠢ ᠡᠰᠡᠷᠭᠦᠴᠡᠬᠦ ᠲᠦᠷᠢᠮ︾ ᠤᠨ ᠪᠢᠴᠢᠭ | ᠮᠠᠲ᠋ᠧᠷᠢᠶᠠᠯ ᠤᠨ ᠵᠣᠷᠢᠭ ᠰᠠᠨᠠᠭ᠎ᠠ᠂ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ᠂ ᠥᠪᠡᠷᠲᠡᠭᠡᠨ ᠵᠠᠰᠠᠬᠤ | ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠣᠯᠠᠨ ᠲᠦᠮᠡᠨ ᠤ ᠳᠡᠷᠭᠡᠳᠡᠬᠢ | ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠬᠠᠮᠢᠶ᠎ᠠ | ᠪᠥᠬᠦᠶ ᠬᠤᠷᠠᠯ ᠤᠨ ᠵᠣᠷᠢᠭ ᠰᠠᠨᠠᠭ᠎ᠠ᠂ ᠣᠷᠣᠨ ᠠᠶᠢᠮᠠᠭ ᠬᠤᠶᠠᠷ ᠱᠠᠲᠤᠨ ᠤ ᠠᠵᠤ ᠠᠬᠤᠶᠢᠯᠠᠯ ᠤᠨ ᠲᠠᠩᠰᠠᠨ | ᠵᠣᠭᠤᠰ ᠢ ᠳᠥᠯᠥᠬᠦ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠬᠤᠰᠢᠭᠤᠨ ᠤ ᠨᠢᠭᠡᠳᠦᠭᠡᠷ | ᠳᠤᠮᠳᠠᠳᠤ ᠰᠤᠷᠭᠠᠭᠤᠯᠢ ᠶᠢ ᠥᠷᠭᠡᠳᠬᠡᠨ ᠪᠠᠶᠢᠭᠤᠯᠬᠤ ᠰᠡᠭᠦᠯ ᠬᠤᠷᠢᠶᠠᠬᠤ ᠢᠨᠵᠧᠨᠧᠷᠢᠩ᠂ ︽ᠤᠯᠠᠭᠠᠨᠮᠤᠲᠤ ᠶᠢᠨ | ᠲᠠᠯ᠎ᠠ ᠨᠤᠲᠤᠭ ᠤᠨ ᠨᠢᠰᠦᠯᠲᠡ ᠶᠢᠨ ᠭᠠᠵᠠᠷ ᠲᠤ ᠪᠠᠯᠠ ᠣᠷᠣᠭᠤᠯᠤᠨ ᠡᠵᠡᠩᠨᠡᠬᠦ ᠬᠠᠮᠲᠤᠷᠠᠯᠴᠠᠭᠠᠨ ᠤ ᠬᠡᠯᠡᠯᠴᠡᠭᠡᠷ ᠤᠨ | ᠪᠢᠴᠢᠭ︾ ᠵᠡᠷᠭᠡ 15 ᠵᠦᠢᠯ ᠤᠨ ᠶᠠᠪᠤᠳᠠᠯ ᠢ ᠰᠤᠳᠤᠯᠤᠨ ᠬᠢᠨᠠᠨ ᠵᠥᠪᠯᠡᠪᠡ᠃ | ᠬᠤᠷᠠᠯ ᠠᠴᠠ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠠᠷᠪᠢᠯᠠᠨ ᠭᠠᠮᠨᠠᠬᠤ ᠤᠬᠠᠮᠰᠠᠷ ᠢ ᠪᠠᠲᠤ ᠪᠤᠢ | ᠪᠣᠯᠭᠠᠵᠤ᠂ ︽ᠭᠤᠷᠪᠠᠨ ᠵᠦᠢᠯ ᠤᠨ ᠠᠯᠪᠠᠨ ᠤ ᠵᠠᠷᠤᠳᠠᠯ︾ ᠤᠨ ᠵᠠᠷᠤᠯᠭ᠎ᠠ ᠶᠢ ᠴᠢᠩᠭ᠎ᠠ ᠬᠢᠵᠠᠭᠠᠷᠯᠠᠵᠤ᠂ ᠠᠯᠪᠠᠯᠠᠬᠤ | ᠡᠬᠢ ᠪᠠᠶᠠᠯᠢᠭ ᠢ ᠠᠷᠪᠢᠯᠠᠨ ᠠᠰᠢᠭᠯᠠᠬᠤ ᠶᠢ ᠴᠢᠩᠭᠠᠳᠬᠠᠨ᠂ ᠬᠢᠵᠠᠭᠠᠷ ᠲᠠᠢ ᠪᠡᠯᠡ ᠮᠥᠩᠭᠦ ᠪᠣᠯᠤᠨ ᠡᠬᠢ ᠪᠠᠶᠠᠯᠢᠭ ᠢ | ᠵᠠᠩᠭᠢᠯᠠᠭ᠎ᠠ ᠶᠢᠨ ᠭᠠᠵᠠᠷ ᠲᠤᠨᠢ ᠬᠡᠷᠡᠭᠯᠡᠬᠦ ᠬᠡᠷᠡᠭᠲᠡᠢ᠃ ᠠᠷᠠᠳ ᠤᠨ ᠠᠮᠢᠳᠤᠷᠠᠯ ᠤᠨ ᠬᠦᠷᠢᠶᠡᠨ ᠳᠤ ᠠᠩᠬᠠᠷᠤᠯ ᠢᠶᠠᠨ | ᠲᠥᠪᠯᠡᠷᠡᠭᠦᠯᠵᠦ᠂ ᠤᠯᠠᠨ ᠲᠦᠮᠡᠨ ᠤ ᠲᠤᠰᠬᠠᠯ ᠶᠡᠬᠡᠲᠡᠶ ᠲᠤᠪᠤᠶᠢᠮ᠎ᠠ ᠠᠰᠠᠭᠤᠳᠠᠯ ᠳᠤ ᠲᠤᠰᠬᠠᠶ ᠴᠡᠭᠴᠡᠯᠡᠨ ᠵᠠᠰᠠᠯᠲᠠ | ᠬᠢᠵᠦ᠂ ᠤᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠤᠭᠰᠠᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ | ᠰᠢᠢᠳᠪᠤᠷᠢᠯᠡᠬᠦ ᠬᠡᠷᠡᠭᠲᠡᠶ᠃ ᠲᠠᠩᠰᠠᠨ ᠵᠣᠭᠤᠰ ᠢ ᠳᠥᠯᠥᠵᠦ ᠳᠠᠭᠤᠰᠬᠠᠬᠤ ᠠᠵᠢᠯ ᠢ ᠲᠦᠷᠭᠡᠳᠬᠡᠨ ᠠᠬᠢᠭᠤᠯᠵᠤ᠂ | ᠲᠠᠩᠰᠠᠨ ᠵᠣᠭᠤᠰ ᠤᠨ ᠪᠠᠶᠢᠳᠠᠯ ᠢ ᠪᠥᠬᠦ ᠲᠠᠯ᠎ᠠ ᠪᠠᠷ ᠡᠮᠬᠢᠯᠡᠨ ᠳᠢᠭᠯᠡᠵᠦ᠂ ᠨᠠᠷᠢᠨ ᠲᠣᠳᠣᠷᠬᠠᠶ ᠳᠥᠯᠥᠵᠦ | ᠳᠠᠭᠤᠰᠬᠠᠬᠤ ᠲᠥᠯᠥᠪᠯᠡᠭᠡ ᠲᠣᠭᠲᠠᠭᠠᠨ᠂ ᠠᠵᠤ ᠠᠬᠤᠶᠢᠯᠠᠯ ᠯᠤᠭ᠎ᠠ ᠶᠢᠨ ᠨᠡᠪᠲᠡᠷᠡᠯᠴᠡᠭᠡ ᠵᠣᠬᠢᠴᠠᠭᠤᠯᠭ᠎ᠠ ᠪᠠᠨ | ᠴᠢᠩᠭᠠᠳᠬᠠᠵᠤ᠂ ᠬᠠᠤᠯᠢ ᠲᠣᠭᠲᠠᠭᠠᠯ ᠶᠣᠰᠣᠭᠠᠷ ᠠᠰᠠᠭᠤᠳᠠᠯ ᠢ ᠰᠢᠢᠳᠪᠤᠷᠢᠯᠡᠨ᠂ ᠳᠥᠯᠥᠵᠦ ᠳᠠᠭᠤᠰᠬᠠᠬᠤ | ᠡᠭᠦᠷᠭᠡ ᠪᠠᠨ ᠴᠠᠭ ᠲᠤᠬᠠᠶ ᠳᠤᠨᠢ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠠᠴᠠ᠂ ᠡᠯ᠎ᠡ ᠰᠠᠯᠠᠭ᠎ᠠ ᠮᠥᠴᠢᠷ ᠤᠨ ᠬᠢᠨ ᠢᠯᠡ ᠲᠣᠳᠣ᠂ ᠡᠷᠬᠡ ᠲᠡᠭᠰᠢ᠂ ᠲᠥᠪ ᠭᠤᠣᠯᠴᠢ ᠪᠠᠶᠢᠬᠤ | ᠵᠠᠷᠴᠢᠮ ᠢ ᠪᠠᠷᠢᠮᠲᠠᠯᠠᠵᠤ᠂ ᠡᠯ᠎ᠡ ᠵᠦᠢᠯ ᠤᠨ ᠪᠡᠯᠡ ᠮᠥᠩᠭᠦ ᠶᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ | ᠬᠤᠪᠢᠶᠠᠷᠢᠯᠠᠨ᠂ ᠪᠡᠯᠡ ᠮᠥᠩᠭᠦ ᠶᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠣᠭᠰᠠᠨ ᠦᠷ᠎ᠡ ᠪᠦᠲᠦᠭᠡᠯ | ᠪᠣᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠠᠩᠭᠢᠯᠠᠭ᠎ᠠ ᠶᠢᠨ ᠬᠦᠷᠢᠶ᠎ᠡ ᠪᠣᠯᠤᠨ ᠪᠠᠭᠤᠷᠠᠢ | ᠭᠤᠭᠴᠤᠭ᠎ᠠ ᠶᠢ ᠪᠠᠬᠢᠵᠢᠭᠦᠯᠦᠨ ᠥᠷᠭᠡᠳᠬᠡᠬᠦ ᠳᠤ ᠬᠡᠷᠡᠭᠯᠡᠬᠦ ᠶᠢ ᠪᠠᠲᠤᠯᠠᠬᠤ ᠬᠡᠷᠡᠭᠲᠡᠢ᠃ ᠲᠥᠷᠥᠯ ᠵᠦᠢᠯ ᠤᠨ | ᠪᠥᠲᠥᠭᠡᠨ ᠪᠠᠶᠢᠭᠤᠯᠤᠯᠲᠠ ᠳᠤ ᠵᠣᠬᠢᠴᠠᠭᠤᠯᠤᠨ ᠲᠣᠬᠢᠷᠠᠭᠤᠯᠬᠤ ᠪᠠᠨ ᠴᠢᠩᠭᠠᠳᠬᠠᠵᠤ᠂ ᠲᠥᠷᠥᠯ ᠵᠦᠢᠯ ᠤᠨ | ᠪᠥᠲᠥᠭᠡᠨ ᠪᠠᠶᠢᠭᠤᠯᠤᠯᠲᠠ ᠶᠢᠨ ᠳᠤᠮᠳᠠ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠴᠠᠭ ᠲᠤᠬᠠᠶ ᠳᠤᠨᠢ | ᠰᠢᠢᠳᠪᠤᠷᠢᠯᠡᠨ᠂ ᠲᠥᠷᠥᠯ ᠵᠦᠢᠯ ᠢ ᠡᠷᠲᠡ ᠪᠠᠶᠢᠭᠤᠯᠵᠤ᠂ ᠡᠷᠲᠡ ᠦᠷ᠎ᠡ ᠪᠦᠲᠦᠮᠵᠢ ᠤᠯᠬᠤ ᠶᠢ ᠦᠨᠡᠨ ᠬᠦ | ᠪᠠᠲᠤᠯᠠᠬᠤ ᠬᠡᠷᠡᠭᠲᠡᠶ᠃ ᠲᠦᠷᠦ ᠶᠢᠨ ᠪᠤᠳᠤᠯᠭ᠎ᠠ ᠶᠢ ᠤᠨᠢᠨ ᠳᠡᠭᠡᠷ᠎ᠡ ᠨᠢ ᠡᠵᠡᠮᠳᠡᠵᠦ᠂ ᠳᠡᠭᠡᠳᠦ ᠱᠠᠲᠤᠨ ᠤ | ᠲᠦᠷᠦ ᠶᠢᠨ ᠪᠤᠳᠤᠯᠭ᠎ᠠ ᠪᠣᠯᠤᠨ ᠪᠡᠯᠡ ᠮᠥᠩᠭᠦᠨ ᠤ ᠳᠡᠮᠵᠢᠯᠭᠡ ᠶᠢ ᠤᠯᠬᠤ ᠪᠠᠷ ᠢᠳᠡᠪᠬᠢᠲᠡᠢ ᠴᠢᠷᠮᠠᠶᠢᠨ᠂ | ᠲᠦᠷᠦ ᠶᠢᠨ ᠪᠤᠳᠤᠯᠭ᠎ᠠ ᠶᠢ ᠰᠠᠶᠢᠲᠤᠷ ᠬᠡᠷᠡᠭᠯᠡᠵᠦ᠂ ᠡᠯ᠎ᠡ ᠵᠦᠢᠯ ᠤᠨ ᠦᠢᠯᠡᠰ ᠤᠨ ᠬᠥᠭᠵᠢᠯᠲᠡ ᠶᠢ ᠠᠬᠢᠭᠤᠯᠬᠤ | ᠬᠡᠷᠡᠭᠲᠡᠢ ᠭᠡᠵᠡᠢ᠃ | ᠬᠤᠷᠠᠯ ᠠᠴᠠ ᠪᠠᠰᠠ ᠠᠵᠤ ᠠᠬᠤᠢ ᠶᠢᠨ ᠠᠵᠢᠯᠯᠠᠭ᠎ᠠ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ᠂ | ᠠᠶᠤᠯᠭᠦᠢ ᠦᠢᠯᠡᠳᠪᠦᠷᠢᠯᠡᠯ ᠵᠡᠷᠭᠡ ᠣᠳᠣᠬᠠᠨ ᠤ ᠪᠤᠰᠤᠳ ᠭᠤᠣᠯᠳᠠᠯᠭ᠎ᠠ ᠲᠠᠢ ᠠᠵᠢᠯ ᠢ ᠲᠤᠬᠢᠷᠠᠭᠤᠯᠤᠨ | ᠪᠠᠶᠢᠷᠢᠯᠠᠭᠤᠯᠵᠠᠢ᠃ |