ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ 2025 ᠣᠨ ᠤ ᠬᠤᠶᠠᠳᠤᠭᠠᠷ ᠤᠯᠠᠷᠢᠯ ᠤᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠬᠤᠶᠠᠳᠤᠭᠠᠷ ᠤᠳᠠᠭ᠎ᠠ ᠶᠢᠨ ᠬᠤᠷᠠᠯ ᠬᠤᠷᠠᠯᠳᠤᠭᠤᠯᠵᠠᠢ
ᠨᠡᠶᠢᠲᠡᠯᠡᠭᠰᠡᠨ ᠴᠠᠭ᠄
2025/5/27
     5 ᠰᠠᠷ᠎ᠠ ᠶᠢᠨ 23 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ 2025 ᠣᠨ ᠤ ᠬᠤᠶᠠᠳᠤᠭᠠᠷ ᠤᠯᠠᠷᠢᠯ ᠤᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠬᠤᠶᠠᠳᠤᠭᠠᠷ ᠤᠳᠠᠭ᠎ᠠ ᠶᠢᠨ ᠬᠤᠷᠠᠯ ᠵᠢᠴᠢ ᠪᠦᠬᠦ ᠬᠦᠷᠢᠶᠡᠨ ᠤ ᠠᠶᠤᠯᠭᠦᠢ ᠦᠢᠯᠡᠳᠪᠦᠷᠢᠯᠡᠯ ᠤᠨ ᠪᠣᠯᠪᠠᠰᠤᠷᠠᠯ ᠤᠨ ᠬᠤᠷᠠᠯ ᠢ ᠬᠤᠷᠠᠯᠳᠤᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠬᠠᠮᠢᠶ᠎ᠠ ᠪᠥᠬᠦᠶ ᠤᠳᠤᠷᠢᠳᠤᠯᠭ᠎ᠠ ᠬᠤᠷᠠᠯ ᠳᠤ ᠣᠷᠣᠯᠴᠠᠵᠠᠶ᠃    ᠬᠤᠷᠠᠯ ᠠᠴᠠ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ ᠥᠷᠨᠢᠭᠦᠯᠦᠭᠰᠡᠨ ᠪᠠᠶᠢᠳᠠᠯ ᠢ ᠮᠡᠳᠡᠭᠳᠡᠭᠰᠡᠨ ᠪᠥᠭᠡᠳ ᠣᠳᠣᠬᠠᠨ ᠤ ᠪᠠᠶᠢᠳᠠᠯ ᠲᠠᠢ ᠤᠶᠠᠯᠳᠤᠭᠤᠯᠵᠤ᠂ ᠲᠠᠷᠠᠭᠠᠴᠢ ᠶᠢᠨ ᠠᠯᠬᠤᠮ ᠤᠨ ᠠᠶᠤᠯᠭᠦᠢ ᠦᠢᠯᠡᠳᠪᠦᠷᠢᠯᠡᠯ ᠤᠨ ᠠᠵᠢᠯ ᠢ ᠨᠠᠷᠢᠨ ᠨᠢᠭᠲᠠ ᠪᠠᠶᠢᠷᠢᠯᠠᠭᠤᠯᠵᠠᠢ᠃ ᠳᠠᠷᠠᠭ᠎ᠠ ᠨᠢ᠂ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠲᠣᠰ ᠲᠣᠰ ᠤᠨ ᠬᠦᠷᠢᠶᠡᠨ ᠳᠠᠬᠢ ᠠᠶᠤᠯᠭᠦᠶ ᠦᠢᠯᠡᠳᠪᠤᠷᠢᠯᠡᠯ ᠤᠨ ᠠᠵᠢᠯ ᠤᠨ ᠲᠤᠷᠰᠢᠯᠭ᠎ᠠ ᠶᠢᠨ ᠲᠣᠭᠤᠷᠢᠨ ᠳᠤ ᠨᠡᠶᠢᠲᠡᠯᠢᠭ ᠶᠠᠷᠢᠶ᠎ᠠ ᠲᠠᠯᠪᠢᠵᠤ᠂ ᠠᠶᠤᠯᠭᠦᠶ ᠦᠢᠯᠡᠳᠪᠤᠷᠢᠯᠡᠯ ᠤᠨ ᠬᠠᠮᠢᠶᠠᠷᠤᠯᠲᠠ᠂ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠵᠡᠷᠭᠡ ᠲᠠᠯ᠎ᠠ ᠶᠢᠨ ᠪᠦᠲᠦᠮᠵᠢᠲᠡᠶ ᠠᠷᠭ᠎ᠠ ᠬᠢᠳᠡᠯ ᠢ ᠬᠤᠪᠢᠶᠠᠯᠴᠠᠨ᠂ ᠪᠤᠰᠤᠳ ᠰᠠᠯᠠᠭ᠎ᠠ ᠮᠥᠴᠢᠷ ᠪᠠ ᠠᠵᠤ ᠠᠬᠤᠶᠢᠯᠠᠯ ᠳᠤ ᠯᠠᠪᠯᠠᠯᠲᠠ ᠪᠣᠯᠭᠠᠭᠰᠠᠨ ᠥᠯᠢᠭᠡᠷ ᠵᠢᠱᠢᠶ᠎ᠡ ᠬᠠᠩᠭᠠᠭᠰᠠᠨ ᠪᠠᠶᠢᠨ᠎ᠠ᠃    ᠬᠤᠷᠠᠯ ᠠᠴᠠ᠂ ᠠᠶᠤᠯᠭᠦᠢ ᠦᠢᠯᠡᠳᠪᠦᠷᠢᠯᠡᠯ ᠪᠣᠯ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠰᠠᠭᠤᠷᠢ ᠮᠥᠨ ᠂ ᠥᠴᠦᠬᠡᠨ ᠴᠦ ᠠᠯᠮᠠᠶᠢᠷᠠᠵᠤ ᠪᠣᠯᠬᠤ ᠦᠭᠡᠢ᠃ ᠡᠯ᠎ᠡ ᠰᠠᠯᠠᠭ᠎ᠠ ᠮᠥᠴᠢᠷ᠂ ᠡᠯ᠎ᠡ ᠠᠵᠤ ᠠᠬᠤᠶᠢᠯᠠᠯ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠠᠶᠤᠯᠭᠦᠢ ᠦᠢᠯᠡᠳᠪᠦᠷᠢᠯᠡᠯ ᠤᠨ ᠬᠥᠪᠴᠢ ᠪᠠᠨ ᠴᠠᠭ ᠢᠮᠠᠭᠲᠠ ᠴᠢᠩᠭᠠᠷᠠᠭᠤᠯᠤᠨ᠂ ᠨᠡᠩ ᠴᠢᠩᠭ᠎ᠠ ᠪᠠᠷᠢᠮᠵᠢᠶ᠎ᠠ᠂ ᠨᠡᠩ ᠪᠣᠳᠠᠲᠠᠢ ᠠᠷᠭ᠎ᠠ ᠬᠡᠮᠵᠢᠶ᠎ᠡ ᠪᠠᠷ ᠡᠯ᠎ᠡ ᠵᠦᠢᠯ ᠤᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ᠃ ᠬᠤᠷᠠᠯ ᠳᠤ ᠣᠷᠣᠯᠴᠠᠭᠰᠠᠳ ᠲᠤᠰ ᠤᠳᠠᠭᠠᠨ ᠤ ᠪᠣᠯᠪᠠᠰᠤᠷᠠᠯ ᠤᠨ ᠲᠣᠬᠢᠶᠠᠯ ᠢ ᠨᠠᠨᠳᠢᠩᠨᠠᠵᠤ᠂ ᠨᠠᠷᠢᠨ ᠬᠢᠨᠠᠮᠠᠭᠠᠢ ᠰᠤᠷᠤᠯᠴᠠᠨ᠂ ᠰᠣᠷᠣᠭᠰᠠᠨ ᠮᠡᠳᠡᠯᠭᠡ ᠪᠠᠨ ᠪᠣᠳᠠᠲᠠᠢ ᠠᠵᠢᠯ ᠤᠨ ᠳᠤᠮᠳᠠ ᠪᠠᠨ ᠦᠨᠡᠨ ᠬᠦ ᠬᠡᠷᠡᠭᠯᠡᠵᠦ᠂ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠴᠢᠳᠠᠪᠤᠷᠢ ᠪᠠᠨ ᠲᠠᠰᠤᠷᠠᠯᠳᠡ ᠦᠭᠡᠢ ᠳᠡᠭᠡᠭᠰᠢᠯᠡᠭᠦᠯᠬᠦ ᠬᠡᠷᠡᠭᠲᠡᠢ ᠬᠡᠵᠡᠢ᠃    ᠲᠤᠰ ᠤᠳᠠᠭ᠎ᠠ ᠶᠢᠨ ᠪᠤᠯᠪᠠᠰᠤᠷᠠᠯ ᠳᠤ᠂ ᠤᠯᠤᠰ ᠤᠨ ᠳᠠᠩᠰᠠᠯᠠᠭᠤᠯᠤᠭᠰᠠᠨ ᠠᠮᠤᠷ ᠲᠦᠪᠰᠢᠨ ᠤ ᠢᠨᠵᠧᠨᠧᠷ᠂ ᠬᠤᠶᠠᠳᠤᠭᠠᠷ ᠳᠡᠰ ᠤᠨ ᠠᠮᠤᠷ ᠲᠦᠪᠰᠢᠨ ᠤ ᠦᠨᠡᠯᠡᠭᠴᠢ ᠭᠦᠩ ᠪᠥᠸᠧ ᠪᠠᠭᠰᠢ ᠶᠢ ᠤᠷᠢᠵᠤ ᠠᠶᠤᠯᠭᠦᠢ ᠦᠢᠯᠡᠳᠪᠦᠷᠢᠯᠡᠯ ᠤᠨ ᠬᠠᠤᠯᠢ ᠴᠠᠭᠠᠵᠠ ᠬᠠᠤᠯᠢ ᠲᠣᠭᠲᠠᠭᠠᠯ᠂ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠬᠦ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠵᠡᠷᠭᠡ ᠤᠯᠠᠨ ᠲᠠᠯ᠎ᠠ ᠠᠴᠠ ᠬᠤᠷᠠᠯ ᠳᠤ ᠣᠷᠣᠯᠴᠠᠭᠰᠠᠳ ᠲᠤ ᠭᠦᠨᠵᠡᠭᠡᠢ ᠪᠥᠭᠡᠳ ᠣᠶᠢᠯᠠᠭᠠᠮᠵᠢᠲᠠᠢ᠂ ᠡᠯᠪᠡᠭ ᠪᠠᠶᠠᠯᠢᠭ ᠠᠭᠤᠯᠭ᠎ᠠ ᠪᠦᠬᠦᠢ ᠠᠶᠤᠯᠭᠦᠢ ᠦᠢᠯᠡᠳᠪᠦᠷᠢᠯᠡᠯ ᠤᠨ ᠮᠡᠳᠡᠯᠭᠡ ᠶᠢ ᠲᠦᠭᠡᠮᠡᠯᠵᠢᠭᠦᠯᠦᠭᠰᠡᠨ ᠪᠠᠶᠢᠨ᠎ᠠ᠃    ᠡᠯ᠎ᠡ ᠰᠤᠮᠤ ᠰᠢᠶᠠᠩ ᠪᠠᠯᠭᠠᠰᠤ᠂ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ ᠬᠤᠪᠢᠳᠠᠨ ᠬᠠᠮᠢᠶᠠᠷᠬᠤ ᠤᠳᠤᠷᠢᠳᠤᠯᠭ᠎ᠠ᠂ ᠬᠠᠮᠢᠶ᠎ᠠ ᠪᠥᠬᠦᠶ ᠠᠵᠢᠯᠲᠠᠨ ᠵᠢᠴᠢ ᠠᠵᠤ ᠠᠬᠤᠶᠢᠯᠠᠯ ᠤᠨ ᠭᠤᠤᠯ ᠬᠠᠷᠢᠭᠤᠴᠠᠯᠭᠠᠲᠠᠨ᠂ ᠠᠶᠤᠯᠭᠦᠶ ᠦᠢᠯᠡᠳᠪᠤᠷᠢᠯᠡᠯ ᠤᠨ ᠬᠠᠮᠢᠶᠠᠷᠤᠯᠲᠠ ᠶᠢᠨ ᠠᠵᠢᠯᠲᠠᠨ ᠬᠤᠷᠠᠯ ᠳᠤ ᠣᠷᠣᠯᠴᠠᠵᠠᠶ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号