ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠥᠪᠡᠷᠲᠡᠭᠡᠨ ᠵᠠᠰᠠᠬᠤ ᠣᠷᠣᠨ ᠤ ᠲᠢᠩᠬᠢᠮ ᠲᠣᠪᠴᠢᠶ᠎ᠠ ᠪᠠᠶᠢᠭᠤᠯᠭ᠎ᠠ ᠨᠢᠭᠡᠴᠢ ᠶᠢᠨ ᠬᠠᠪᠰᠤᠷᠤᠨ ᠲᠡᠳᠬᠦᠬᠦ ᠺᠠᠳ᠋ᠷᠴᠤᠳ ᠲᠠᠢ ᠶᠠᠷᠢᠯᠴᠠᠬᠤ ᠬᠤᠷᠠᠯ ᠬᠤᠷᠠᠯᠳᠤᠭᠤᠯᠵᠠᠢ
ᠨᠡᠶᠢᠲᠡᠯᠡᠭᠰᠡᠨ ᠴᠠᠭ᠄
2025/5/27
    5 ᠰᠠᠷ᠎ᠠ ᠶᠢᠨ 23 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠥᠪᠡᠷᠲᠡᠭᠡᠨ ᠵᠠᠰᠠᠬᠤ ᠣᠷᠣᠨ ᠤ ᠲᠢᠩᠬᠢᠮ ᠲᠣᠪᠴᠢᠶ᠎ᠠ ᠪᠠᠶᠢᠭᠤᠯᠭ᠎ᠠ ᠨᠢᠭᠡᠴᠢ ᠶᠢᠨ ᠬᠠᠪᠰᠤᠷᠤᠨ ᠲᠡᠳᠬᠦᠬᠦ ᠺᠠᠳ᠋ᠷᠴᠤᠳ ᠲᠠᠢ ᠶᠠᠷᠢᠯᠴᠠᠬᠤ ᠬᠤᠷᠠᠯ ᠬᠤᠷᠠᠯᠳᠤᠭᠤᠯᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠬᠠᠮᠢᠶ᠎ᠠ ᠪᠥᠬᠦᠶ ᠤᠳᠤᠷᠢᠳᠤᠯᠭ᠎ᠠ᠂ ᠥᠪᠡᠷᠲᠡᠭᠡᠨ ᠵᠠᠰᠠᠬᠤ ᠣᠷᠣᠨ ᠤ ᠲᠢᠩᠬᠢᠮ ᠲᠣᠪᠴᠢᠶ᠎ᠠ ᠪᠠᠶᠢᠭᠤᠯᠭ᠎ᠠ ᠨᠢᠭᠡᠴᠢ ᠶᠢᠨ 15 ᠬᠠᠪᠰᠤᠷᠤᠨ ᠲᠡᠳᠬᠦᠬᠦ ᠺᠠᠳ᠋ᠷ ᠵᠢᠴᠢ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠲᠥᠯᠥᠭᠡᠯᠡᠭᠴᠢ ᠨᠠᠷ ᠬᠤᠷᠠᠯ ᠳᠤ ᠣᠷᠣᠯᠴᠠᠵᠠᠶ᠃    ᠬᠤᠷᠠᠯ ᠠᠴᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠬᠢᠨᠠᠨ ᠰᠢᠯᠭᠠᠬᠤ ᠠᠭᠤᠯᠭ᠎ᠠ ᠶᠢ ᠵᠠᠷᠯᠠᠨ ᠮᠡᠳᠡᠭᠳᠡᠵᠦ᠂ 2024 ᠣᠨ ᠤ ᠥᠪᠡᠷᠲᠡᠭᠡᠨ ᠵᠠᠰᠠᠬᠤ ᠣᠷᠣᠨ ᠤ ᠲᠢᠩᠬᠢᠮ ᠲᠤᠪᠴᠢᠶ᠎ᠠ ᠶᠢᠨ ᠬᠠᠪᠰᠤᠷᠤᠨ ᠲᠡᠳᠬᠦᠬᠦ ᠠᠵᠢᠯ ᠢ ᠥᠷᠨᠢᠭᠦᠯᠦᠭᠰᠡᠨ ᠪᠠᠶᠢᠳᠠᠯ ᠢ ᠪᠦᠬᠦ ᠲᠠᠯ᠎ᠠ ᠪᠠᠷ ᠡᠷᠭᠢᠴᠡᠭᠦᠯᠬᠦ ᠶᠢᠨ ᠬᠠᠮᠲᠤ ᠳᠠᠷᠠᠭᠠᠴᠢ ᠶᠢᠨ ᠠᠯᠬᠤᠮ ᠤᠨ ᠠᠵᠢᠯ ᠢ ᠪᠠᠶᠢᠷᠢᠯᠠᠭᠤᠯᠪᠠ᠃    ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠲᠢᠩᠬᠢᠮ ᠲᠣᠪᠴᠢᠶ᠎ᠠ ᠪᠠᠶᠢᠭᠤᠯᠭ᠎ᠠ ᠨᠢᠭᠡᠴᠢ ᠶᠢᠨ 6 ᠬᠠᠪᠰᠤᠷᠤᠨ ᠲᠡᠳᠬᠦᠬᠦ ᠺᠠᠳ᠋ᠷ ᠤᠨ ᠲᠥᠯᠥᠭᠡᠯᠡᠭᠴᠢ ᠳᠠᠷᠠᠭᠠᠯᠠᠨ ᠶᠠᠷᠢᠶ᠎ᠠ ᠲᠠᠯᠪᠢᠵᠤ᠂ ᠦᠨᠳᠦᠰᠦᠨ ᠱᠠᠲᠤᠨ ᠤ ᠬᠠᠪᠰᠤᠷᠤᠨ ᠲᠡᠳᠬᠦᠬᠦ ᠠᠵᠢᠯ ᠤᠨ ᠳᠤᠮᠳᠠᠬᠢ ᠲᠤᠷᠰᠢᠯᠭ᠎ᠠ ᠪᠠ ᠲᠥᠷᠥᠭᠳᠡᠯ ᠢᠶᠠᠨ ᠬᠤᠪᠢᠶᠠᠯᠴᠠᠪᠠ᠃    ᠬᠤᠷᠠᠯ ᠠᠴᠠ᠂ ᠥᠩᠭᠡᠷᠡᠭᠰᠡᠨ ᠨᠢᠭᠡ ᠵᠢᠯ ᠳᠤ᠂ ᠥᠪᠡᠷᠲᠡᠭᠡᠨ ᠵᠠᠰᠠᠬᠤ ᠣᠷᠣᠨ ᠤ ᠲᠢᠩᠬᠢᠮ ᠲᠣᠪᠴᠢᠶ᠎ᠠ ᠶᠢᠨ ᠬᠠᠪᠰᠤᠷᠤᠨ ᠲᠡᠳᠬᠦᠬᠦ ᠺᠠᠳ᠋ᠷᠴᠤᠳ ᠤᠨ ᠲᠤᠰ ᠪᠡᠶ᠎ᠡ ᠶᠢᠨ ᠡᠬᠢ ᠪᠠᠶᠠᠯᠢᠭ ᠤᠨ ᠳᠠᠪᠠᠭᠤᠯᠢᠭ ᠲᠠᠭᠠᠨ ᠲᠦᠰᠢᠭᠯᠡᠨ᠂ ᠲᠦᠷᠦᠯ ᠵᠦᠢᠯ ᠤᠨ ᠪᠡᠯᠡ ᠮᠥᠩᠭᠦ ᠶᠢ ᠴᠢᠷᠮᠠᠶᠢᠨ ᠣᠯᠵᠤ᠂ ᠲᠠᠷᠢᠶᠠᠯᠠᠩ ᠤᠨ ᠣᠨᠴᠠ ᠭᠠᠷᠤᠯᠲᠠ ᠶᠢᠨ ᠪᠣᠷᠣᠯᠠᠭᠤᠯᠭ᠎ᠠ ᠳᠤ ᠬᠦᠴᠦᠨ ᠨᠡᠮᠡᠷᠢᠯᠡᠵᠦ᠂ ᠭᠠᠴᠠᠭ᠎ᠠ ᠲᠣᠰᠬᠤᠨ ᠤ ᠬᠤᠭᠤᠴᠠᠭ᠎ᠠ ᠰᠣᠯᠢᠬᠤ ᠵᠡᠷᠭᠡ ᠠᠵᠢᠯ ᠳᠤ ᠴᠢᠬᠤᠯᠠ ᠦᠢᠯᠡᠳᠦᠯ ᠦᠵᠡᠭᠦᠯᠵᠡᠢ᠃ ᠺᠠᠳ᠋ᠷᠴᠤᠳ ᠢ ᠬᠠᠪᠰᠤᠷᠤᠨ ᠲᠡᠳᠬᠦᠵᠦ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ︽ᠬᠤᠰᠢᠭᠤᠴᠢ ᠳᠠᠷᠤᠭ᠎ᠠ︾ ᠪᠣᠯᠭᠠᠵᠤ᠂ ᠲᠡᠷᠢᠭᠦᠨ ᠤ ᠦᠵᠡᠯ ᠰᠠᠨᠠᠭ᠎ᠠ ᠣᠶᠢᠯᠠᠭᠠᠭᠳᠠᠬᠤᠨ ᠢ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠳᠤ ᠣᠷᠣᠭᠤᠯᠤᠨ ᠠᠪᠴᠢᠷᠠᠵᠤ᠂ ᠪᠥᠬᠦ ᠬᠤᠰᠢᠭᠤᠨ ᠤ ᠬᠥᠭᠵᠢᠯᠲᠡ ᠳᠤ ᠠᠷᠭ᠎ᠠ ᠤᠬᠠᠭᠠᠨ ᠭᠠᠷᠭᠠᠬᠤ ᠶᠢ ᠬᠦᠰᠡᠵᠦ ᠪᠠᠶᠢᠨ᠎ᠠ᠃ ᠣᠷᠣᠨ ᠪᠦᠰᠡ ᠶᠢᠨ ᠬᠠᠮᠵᠢᠯᠴᠠᠭ᠎ᠠ ᠶᠢ ᠭᠦᠨᠵᠡᠭᠡᠶᠢᠷᠡᠭᠦᠯᠬᠦ ︽ᠬᠤᠯᠪᠣᠭᠠᠴᠢᠨ︾ ᠪᠣᠯᠵᠣ᠂ ᠲᠥᠷᠥᠯ ᠵᠦᠢᠯ ᠤᠨ ᠪᠠᠯᠠ ᠣᠷᠣᠭᠤᠯᠤᠯᠲᠠ᠂ ᠠᠵᠤ ᠦᠢᠯᠡᠰ ᠤᠨ ᠪᠤᠶᠢᠵᠢᠭᠤᠯᠤᠯᠲᠠ ᠵᠡᠷᠭᠡ ᠬᠦᠷᠢᠶᠡᠨ ᠳᠤ ᠬᠥᠭᠦᠷᠭᠡ ᠬᠤᠯᠪᠣᠭᠠᠰᠤ ᠪᠣᠯᠵᠣ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠡᠯ᠎ᠡ ᠲᠠᠯ᠎ᠠ ᠶᠢᠨ ᠬᠢᠨ ᠲᠠᠢ ᠨᠢᠭᠲᠠ ᠬᠠᠮᠲᠤᠷᠠᠯᠴᠠᠬᠤ ᠬᠠᠷᠢᠴᠠᠭ᠎ᠠ ᠪᠠᠶᠢᠭᠤᠯᠬᠤ ᠳᠤ ᠬᠦᠴᠦᠨ ᠨᠡᠮᠡᠷᠢᠯᠡᠬᠦ ᠬᠡᠷᠡᠭᠳᠡᠢ᠃ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠦᠢᠯᠡᠳᠦᠯᠭᠡᠵᠢᠭᠦᠯᠬᠦ ︽ᠲᠠᠭᠠᠭᠤᠯᠤᠭᠴᠢ︾ ᠪᠤᠯᠵᠤ᠂ ︽ᠣᠳᠣᠬᠠᠨ ᠤ ᠬᠢ ᠪᠠᠨ ᠬᠠᠪᠰᠤᠷᠬᠤ︾ ᠪᠠ ︽ᠦᠷᠬᠦᠯᠵᠢᠯᠡᠨ ᠲᠡᠳᠬᠦᠬᠦ︾ ᠶᠢ ᠤᠶᠠᠯᠳᠤᠭᠤᠯᠬᠤ ᠶᠢ ᠴᠢᠬᠤᠯᠠᠴᠢᠯᠠᠵᠤ ᠂ ︽ᠤᠯᠠᠮᠵᠢᠯᠠᠬᠤ ᠬᠠᠪᠰᠤᠷᠬᠤ ᠳᠠᠭᠠᠭᠤᠯᠬᠤ︾ ᠬᠡᠯᠪᠡᠷᠢ ᠪᠠᠷ ᠲᠤᠬᠠᠢ ᠶᠢᠨ ᠭᠠᠵᠠᠷ ᠲᠤ ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠡᠩᠨᠡᠭᠡ ᠶᠢ ᠬᠥᠮᠦᠵᠢᠭᠦᠯᠵᠦ ᠥᠭᠬᠦ ᠬᠡᠷᠡᠭᠲᠡᠢ ᠭᠡᠵᠡᠢ᠃    ᠬᠤᠷᠠᠯ ᠠᠴᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠺᠠᠳ᠋ᠷᠴᠤᠳ ᠢ ᠦᠨᠡᠨ ᠬᠦ ᠬᠠᠯᠠᠮᠵᠢᠯᠠᠨ ᠬᠠᠶᠢᠷᠠᠯᠠᠵᠤ ᠬᠠᠪᠰᠤᠷᠤᠨ ᠲᠡᠳᠬᠦᠵᠦ᠂ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠬᠠᠪᠰᠤᠷᠤᠨ ᠲᠡᠳᠬᠦᠬᠦ ᠺᠠᠳ᠋ᠷᠴᠤᠳ ᠢ ᠰᠡᠳᠬᠢᠯ ᠠᠮᠤᠷ ᠠᠵᠢᠯᠯᠠᠭᠤᠯᠬᠤ ᠬᠡᠷᠡᠭᠲᠡᠢ ᠭᠡᠵᠡᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号