| ᠢᠷᠭᠡᠨ ᠤ ᠬᠠᠤᠯᠢ ᠶᠢᠨ ᠪᠢᠴᠢᠭ ᠢ ᠲᠦᠭᠡᠮᠡᠯᠵᠢᠭᠦᠯᠤᠨ᠂ ︽ᠬᠠᠤᠯᠢ ᠴᠠᠭᠠᠵᠠ ᠶᠢ ᠠᠵᠤ ᠠᠬᠤᠶᠢᠯᠠᠯ ᠳᠤ | ᠬᠦᠷᠭᠡᠬᠦ︾᠂ ︽ᠬᠠᠤᠯᠢ ᠴᠠᠭᠠᠵᠠ ᠶᠢ ᠬᠥᠳᠡᠭᠡ ᠲᠣᠰᠬᠤᠨ ︵ᠨᠡᠶᠢᠭᠡᠮ ᠲᠣᠭᠤᠷᠢᠭ︶ ᠳᠤ ᠬᠦᠷᠭᠡᠬᠦ︾ ᠶᠢ | ᠠᠬᠢᠭᠤᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠬᠴᠠᠯᠠᠬᠤ ᠪᠠᠷ᠂ | ︽ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ︾ ᠲᠤ ᠬᠤᠷᠴᠢᠨ ᠪᠠᠷᠠᠭᠤᠨ ᠭᠠᠷᠤᠨ ᠡᠮᠦᠨᠡᠳᠦ ᠬᠤᠰᠢᠭᠤᠨ ᠤ | ᠬᠠᠤᠯᠢ ᠴᠠᠭᠠᠵᠠ ᠶᠢᠨ ᠳᠤᠪᠴᠢᠶ᠎ᠠ ᠠᠴᠠ ᠬᠠᠤᠯᠢ ᠶᠢᠨ ᠤᠬᠠᠭᠠᠨ ᠤ ᠨᠡᠶᠢᠭᠡᠮᠯᠢᠭ᠂ ᠲᠠᠷᠢᠶᠠᠯᠠᠩ ᠮᠠᠯ ᠠᠵᠤ ᠠᠬᠤᠶ ᠪᠠ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠵᠡᠷᠭᠡ ᠨᠢᠭᠡᠴᠢ ᠲᠠᠢ ᠬᠤᠯᠪᠤᠭᠠᠯᠠᠨ ᠤᠯᠠᠭᠠᠨᠮᠣᠳᠣ ᠶᠢᠨ | ᠦᠵᠡᠮᠵᠢ ᠶᠢᠨ ᠣᠷᠣᠨ ᠪᠠ ᠠᠯᠳᠠᠷ ᠪᠠᠯᠭᠠᠰᠤᠨ ᠤ ᠬᠠᠶᠢᠯᠠᠰᠤᠨ ᠭᠠᠴᠠᠭ᠎ᠠ ᠪᠠᠷ ᠬᠦᠨᠵᠡᠭᠡᠶᠢᠷᠡᠨ᠂ ᠢᠷᠭᠡᠨ ᠤ | ᠬᠠᠤᠯᠢ ᠶᠢᠨ ᠪᠢᠴᠢᠭ ᠤᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠶᠢ ᠲᠥᠪᠯᠡᠷᠡᠭᠦᠯᠦᠨ ᠥᠷᠨᠢᠭᠦᠯᠪᠡ | ᠃ | ᠠᠵᠢᠯᠯᠠᠭ᠎ᠠ ᠶᠢᠨ ᠲᠤᠬᠠᠢ ᠶᠢᠨ ᠳᠠᠯᠠᠪᠤᠷ ᠲᠤ᠂ ᠬᠠᠤᠯᠢ ᠲᠦᠭᠡᠮᠡᠯᠵᠢᠬᠦᠯᠬᠦ ᠰᠠᠶᠢᠨ ᠳᠤᠷᠠᠴᠤᠤᠯ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ︾᠂ ︽ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠤᠢ ᠰᠢᠭᠤᠢ ᠶᠢᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠨᠤᠲᠤᠭ ᠪᠡᠯᠴᠢᠭᠡᠷ ᠤᠨ ᠬᠠᠤᠯᠢ︾ ᠪᠠ ︽ᠨᠠᠰᠤᠨ ᠳᠤ ᠥᠯᠥ ᠭᠦᠷᠦᠭᠰᠡᠳ ᠤᠨ ᠬᠠᠤᠯᠢ ᠶᠢ ᠵᠥᠷᠢᠴᠡᠵᠦ | ᠶᠠᠯ᠎ᠠ ᠬᠢᠬᠦ ᠶᠢ ᠰᠡᠷᠭᠡᠶᠢᠯᠡᠬᠦ ᠮᠡᠳᠡᠯᠭᠡ ᠶᠢᠨ ᠭᠠᠷ ᠳᠡᠪᠲᠡᠷ︾ ᠵᠡᠷᠭᠡ ᠤᠬᠠᠭᠤᠯᠭ᠎ᠠ ᠶᠢᠨ ᠮᠠᠲ᠋ᠧᠷᠢᠶᠠᠯ ᠢ 1000 | ᠭᠠᠷᠤᠢ ᠳᠡᠪᠲᠡᠷ ᠲᠠᠷᠬᠠᠭᠠᠵᠤ᠂ ᠬᠠᠤᠯᠢ ᠪᠠᠷ ᠵᠠᠰᠠᠬᠤ ᠤᠬᠠᠭᠤᠯᠭ᠎ᠠ ᠶᠢᠨ ᠮᠠᠲ᠋ᠧᠷᠢᠶᠠᠯ ᠢ 800 ᠭᠠᠷᠤᠢ ᠬᠤᠪᠢ | ᠲᠠᠷᠬᠠᠭᠠᠵᠤ᠂ ᠲᠤᠬᠠᠢ ᠶᠢᠨ ᠲᠠᠯᠠᠪᠤᠷ ᠲᠤ ᠬᠠᠤᠯᠢ ᠴᠠᠭᠠᠵᠠ ᠶᠢᠨ ᠯᠠᠪᠯᠠᠭ᠎ᠠ ᠵᠡᠷᠭᠡ ᠦᠢᠯᠡᠴᠢᠯᠡᠭᠡ ᠬᠠᠩᠭᠠᠵᠤ᠂ | ᠬᠦᠯᠢᠶᠡᠨ ᠠᠪᠤᠭᠴᠢᠳ ᠤᠨ ᠲᠤᠭ᠎ᠠ 3000 ᠬᠦᠮᠦᠨ ᠤᠳᠠᠭ᠎ᠠ ᠳᠤ ᠬᠦᠷᠪᠡ᠃ ᠲᠣᠰ ᠤᠳᠠᠭᠠᠨ ᠤ ᠢᠷᠭᠡᠨ ᠤ | ᠬᠠᠤᠯᠢ ᠶᠢᠨ ᠪᠢᠴᠢᠭ ᠢ ᠦᠵᠡᠮᠵᠢ ᠶᠢᠨ ᠣᠷᠣᠨ ᠳᠤ ᠬᠦᠷᠭᠡᠬᠦ᠂ ᠠᠵᠤ ᠠᠬᠤᠶᠢᠯᠠᠯ ᠳᠤ ᠬᠦᠷᠭᠡᠬᠦ᠂ ᠰᠤᠯᠠ | ᠮᠠᠶᠢᠮᠠᠶ ᠶᠢᠨ ᠭᠠᠵᠠᠷ ᠬᠦᠷᠭᠡᠬᠦ᠂ ᠰᠤᠮᠤ ᠰᠢᠶᠠᠩ ᠪᠠᠯᠭᠠᠰᠤᠨ ᠳᠤ ᠬᠦᠷᠭᠡᠬᠦ ᠵᠢᠴᠢ ᠭᠠᠴᠠᠭ᠎ᠠ ᠲᠣᠰᠬᠤᠨ ᠨᠡᠶᠢᠭᠡᠮ | ᠲᠣᠭᠤᠷᠢᠭ ᠲᠤ ᠬᠦᠷᠭᠡᠨ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ︽ᠢᠷᠭᠡᠨ ᠤ ᠬᠠᠤᠯᠢ ᠶᠢᠨ ᠪᠢᠴᠢᠭ︾ | ᠳᠠᠬᠢ ᠪᠣᠳᠠᠰ ᠤᠨ ᠡᠷᠬᠡ᠂ ᠭᠡᠷ᠎ᠡ᠂ ᠤᠷᠤᠭ ᠭᠡᠷ ᠪᠦᠯᠢ᠂ ᠡᠷᠬᠡ ᠳᠤ ᠬᠠᠯᠳᠠᠭᠰᠠᠨ ᠬᠠᠷᠢᠭᠤᠴᠠᠯᠭ᠎ᠠ ᠵᠡᠷᠭᠡ ᠶᠢᠨ | ᠵᠦᠢᠯ ᠵᠤᠷᠪᠤᠰ ᠤᠨ ᠲᠤᠬᠠᠶ ᠲᠠᠨᠢᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠨᠠᠩ ᠣᠯᠠᠨ ᠬᠦᠮᠦᠰ ᠲᠤ | ᠬᠠᠤᠯᠢ ᠴᠠᠭᠠᠵᠠ ᠪᠠᠷ ᠬᠤᠪᠢ ᠪᠡᠶ᠎ᠡ ᠶᠢᠨ ᠡᠷᠬᠡ ᠠᠰᠢᠭ ᠢᠶᠠᠨ ᠬᠠᠮᠠᠭᠠᠯᠠᠬᠤ ᠶᠢ ᠣᠶᠢᠯᠠᠭᠠᠭᠤᠯᠪᠠ᠃ | ᠲᠤᠬᠠᠶ ᠶᠢᠨ ᠳᠠᠯᠠᠪᠤᠷ ᠲᠤ᠂ ᠪᠠᠰᠠ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ | ᠠᠵᠢᠯᠯᠠᠭ᠎ᠠ ᠶᠢ ᠵᠡᠷᠭᠡᠪᠡᠷ ᠥᠷᠨᠢᠭᠦᠯᠵᠦ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠲᠦᠷᠢᠮ︾᠂ ︽ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠬᠠᠤᠯᠢ︾ ᠵᠡᠷᠭᠡ | ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠵᠤ᠂ ᠦᠨᠳᠦᠰᠦᠲᠡᠨ ᠨᠦᠭᠦᠳ ᠡᠷᠬᠡ ᠲᠡᠭᠰᠢ ᠪᠠᠶᠢᠬᠤ᠂ ᠪᠦᠯᠬᠦᠮᠳᠡᠨ | ᠬᠠᠪᠰᠤᠷᠤᠯᠴᠠᠬᠤ ᠣᠶᠢᠯᠠᠭᠠᠭᠳᠠᠬᠤᠨ ᠢ ᠬᠥᠮᠦᠰ ᠤᠨ ᠰᠡᠳᠭᠢᠯ ᠳᠤ ᠬᠠᠳᠠᠩᠰᠢᠭᠤᠯᠪᠠ᠃ | ︽ᠲᠠᠷᠠᠭᠠᠴᠢ ᠪᠠᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠠᠤᠯᠢ ᠴᠠᠭᠠᠵᠠ ᠶᠢᠨ | ᠲᠣᠪᠴᠢᠶ᠎ᠠ ᠦᠷᠭᠦᠯᠵᠢᠯᠡᠨ ᠡᠯ᠎ᠡ ᠵᠦᠢᠯ ᠤᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠢᠶᠠᠷ ᠠᠵᠠ ᠲᠣᠬᠢᠶᠠᠯ | ᠪᠣᠯᠭᠠᠵᠤ᠂ ᠬᠠᠤᠯᠢ ᠲᠦᠭᠡᠮᠡᠯᠵᠢᠭᠦᠯᠬᠦ ᠬᠡᠯᠪᠡᠷᠢ ᠶᠢᠨ ᠰᠢᠨ᠎ᠡ ᠶᠢ ᠡᠭᠦᠳᠴᠦ᠂ ᠠᠵᠤ ᠠᠬᠤᠶᠢᠯᠠᠯ ᠪᠠ ᠬᠥᠳᠡᠭᠡ | ᠲᠣᠰᠬᠤᠨ ᠳᠤ ᠦᠷᠭᠦᠯᠵᠢᠯᠡᠨ ᠭᠦᠨᠵᠡᠭᠡᠶᠢᠷᠡᠵᠦ᠂ ︿ᠢᠷᠭᠡᠨ ᠤ ᠬᠠᠤᠯᠢ ᠶᠢᠨ ᠪᠢᠴᠢᠭ﹀ ᠵᠢᠴᠢ ᠦᠨᠳᠦᠰᠦᠲᠡᠨ ᠤ | ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠪᠣᠳᠠᠲᠤ ᠦᠷ᠎ᠡ ᠪᠦᠲᠦᠮᠵᠢ ᠶᠢ ᠦᠷᠭᠦᠯᠵᠢᠯᠡᠨ ᠭᠦᠨᠵᠡᠭᠡᠶᠢᠷᠡᠭᠦᠯᠤᠨ᠂ | ᠦᠨᠳᠦᠰᠦᠨ ᠱᠠᠲᠤᠨ ᠤ ᠵᠠᠰᠠᠯᠲᠠ ᠶᠢᠨ ᠣᠳᠣᠬᠢᠴᠢᠯᠠᠯᠲᠠ ᠶᠢ ᠠᠬᠢᠭᠤᠯᠬᠤ᠂ ᠨᠠᠩ ᠥᠨᠳᠥᠷ ᠲᠦᠪᠰᠢᠨ ᠪᠥᠬᠦᠶ | ᠬᠠᠤᠯᠢ ᠪᠠᠷ ᠵᠠᠰᠠᠬᠤ ᠨᠡᠶᠢᠭᠡᠮ ᠢ ᠪᠥᠲᠥᠭᠡᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠠ︾ ᠭᠡᠵᠦ ᠬᠤᠷᠴᠢᠨ | ᠪᠠᠷᠠᠭᠤᠨ ᠭᠠᠷᠤᠨ ᠡᠮᠦᠨᠡᠳᠤ ᠬᠤᠰᠢᠭᠤᠨ ᠤ ᠬᠠᠤᠯᠢ ᠴᠠᠭᠠᠵᠠ ᠶᠢᠨ ᠳᠤᠪᠴᠢᠶ᠎ᠠ ᠶᠢᠨ ᠬᠠᠮᠢᠶ᠎ᠠ ᠪᠦᠬᠦᠢ | ᠬᠠᠷᠢᠭᠤᠴᠠᠯᠭᠠᠳᠠᠨ ᠠᠴᠠ ᠢᠯᠡᠷᠭᠡᠶᠢᠯᠡᠪᠠ᠃ ᠵᠤᠤ ᠢ ᠰᠢᠨ ᠮᠡᠳᠡᠭᠡᠯᠡᠪᠡ |