ᠬᠤᠯᠠ ᠤᠶᠢᠷ᠎ᠠ ᠳᠠᠭᠠᠨ ᠠᠯᠳᠠᠷ ᠲᠠᠢ ᠵᠢᠷᠦᠬᠡᠨ ᠪᠠᠯᠭᠠᠰᠤᠨ ᠤ ᠠᠮᠳᠠᠳᠤ ᠬᠡᠮᠬᠡ
ᠨᠡᠶᠢᠲᠡᠯᠡᠭᠰᠡᠨ ᠴᠠᠭ᠄
2025/5/28
     ︽ᠡᠨᠡ ᠵᠢᠯ ᠪᠢᠳᠡ ᠬᠦᠯᠡᠮᠵᠢ ᠶᠢᠨ ᠳᠤᠯᠠᠭᠠᠨ ᠤ ᠬᠡᠮᠵᠢᠶ᠎ᠡ᠂ ᠴᠢᠭᠢᠭ ᠤᠨ ᠬᠡᠮᠵᠢᠶ᠎ᠡ ᠶᠢ ᠴᠥᠮ ᠮᠠᠰᠢ ᠰᠠᠶᠢᠨ ᠬᠢᠵᠠᠭᠠᠷᠯᠠᠵᠤ᠂ ᠣᠷᠭᠠᠨᠢᠭ ᠪᠣᠷᠳᠣᠭᠤᠷ ᠢ ᠤᠷᠤᠭᠤᠯᠤᠭᠰᠠᠨ ᠠᠴᠠ ᠠᠮᠲᠠᠲᠤ ᠬᠡᠮᠬᠡ ᠶᠢᠨ ᠠᠮᠲᠠ ᠨᠢ ᠥᠩᠭᠡᠷᠡᠭᠰᠡᠨ ᠵᠢᠯ ᠤᠨ ᠬᠢ ᠠᠴᠠ ᠨᠡᠩ ᠰᠠᠶᠢᠨ ᠪᠣᠯᠵᠠᠢ᠂ ᠡᠨᠡ ᠬᠡᠳᠦᠨ ᠡᠳᠦᠷ ᠬᠡᠳᠦ᠋ᠢᠪᠡᠷ ᠵᠢᠭᠠᠬᠠᠨ ᠶᠠᠳᠠᠷᠠᠭᠰᠠᠨ ᠪᠣᠯᠪᠠᠴᠤ ᠡᠶᠢᠮᠦ ᠡᠯᠪᠡᠭ ᠬᠤᠷᠢᠶᠠᠯᠲᠠ ᠶᠢ ᠣᠯᠵᠤ ᠦᠵᠡᠭᠡᠳ ᠰᠡᠳᠬᠢᠯ ᠮᠠᠰᠢ ᠲᠡᠨᠢᠭᠦᠨ ᠪᠣᠯᠵᠠᠢ᠂ ᠠᠷᠠᠳ ᠣᠯᠠᠨ ᠤ ᠮᠠᠨ ᠤ ᠠᠮᠲᠠᠲᠤ ᠬᠡᠮᠬᠡ ᠠᠴᠠ ᠠᠮᠲᠠᠯᠠᠬᠤ ᠶᠢ ᠬᠦᠰᠡᠵᠦ ᠪᠠᠶᠢᠨ᠎ᠠ︾ ᠭᠡᠵᠦ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠢᠷᠦᠬᠡᠨ ᠪᠠᠯᠭᠠᠰᠤᠨ ᠤ ᠬᠤᠩ ᠰᠢᠨ ᠲᠣᠰᠬᠤᠨ ᠤ ᠤᠨᠴᠠᠯᠢᠬᠳᠤ ᠠᠵᠤ ᠦᠢᠯᠡᠰ ᠤᠨ ᠬᠦᠷᠢᠶᠡᠯᠡᠩ ᠤᠨ ᠠᠵᠢᠯᠳᠠᠨ ᠯᠢ ᠢᠦᠢ ᠰᠢᠶᠠᠩ ᠰᠤᠷᠪᠤᠯᠵᠢᠯᠠᠭᠴᠢ ᠳᠤ ᠪᠠᠶᠠᠷ ᠬᠦᠷ ᠲᠠᠢ ᠪᠠᠷ ᠲᠠᠨᠢᠯᠴᠠᠭᠤᠯᠪᠠ᠃    5 ᠰᠠᠷ᠎ᠠ ᠶᠢᠨ 26 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠢᠷᠦᠬᠡᠨ ᠪᠠᠯᠭᠠᠰᠤᠨ ᠤ ᠤᠨᠴᠠᠯᠢᠬᠳᠤ ᠠᠵᠤ ᠦᠢᠯᠡᠰ ᠤᠨ ᠬᠦᠷᠢᠶᠡᠯᠡᠩ ᠤᠨ ᠠᠮᠲᠠᠲᠤ ᠬᠡᠮᠬᠡ ᠵᠠᠬ᠎ᠠ ᠳᠡᠯᠭᠡᠭᠦᠷ ᠲᠤ ᠭᠠᠷᠴᠤ᠂ ᠲᠠᠷᠢᠶᠠᠨ ᠭᠠᠵᠠᠷ ᠠᠴᠠ ᠬᠡᠷᠡᠭᠯᠡᠭᠴᠢᠳ ᠤᠨ ᠠᠮᠠᠨ ᠳᠤ ᠬᠦᠷᠲᠡᠯ᠎ᠡ᠂ ᠲᠠᠷᠢᠵᠦ ᠤᠷᠭᠤᠭᠤᠯᠬᠤ ᠠᠴᠠ ᠣᠷᠣᠯᠭ᠎ᠠ ᠪᠠᠨ ᠨᠡᠮᠡᠭᠳᠡᠭᠦᠯᠬᠦ ᠬᠦᠷᠲᠡᠯ᠎ᠡ᠂ ᠨᠢᠭᠡ ᠨᠢᠭᠡ ᠠᠮᠲᠠᠲᠤ ᠬᠡᠮᠬᠡ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠤ ᠦᠢᠯᠡᠰ ᠤᠨ ᠬᠡᠯᠬᠢᠶ᠎ᠡ ᠶᠢ ᠬᠤᠯᠪᠣᠵᠠᠢ᠃     ᠵᠢᠷᠦᠬᠡᠨ ᠪᠠᠯᠭᠠᠰᠤᠨ ᠤ ᠤᠨᠴᠠᠯᠢᠬᠳᠤ ᠠᠵᠤ ᠦᠢᠯᠡᠰ ᠤᠨ ᠬᠦᠷᠢᠶᠡᠯᠡᠩ ᠳᠤ ᠣᠷᠣᠬᠤ ᠳᠤ᠂ ᠠᠩᠬᠢᠯᠤᠮ᠎ᠠ ᠦᠨᠦᠷ ᠬᠠᠩᠬᠤᠯᠤᠭᠰᠠᠨ ᠠᠮᠲᠠᠲᠤ ᠬᠡᠮᠬᠡ ᠨᠦᠭᠦᠳ ᠨᠣᠮᠢᠨ ᠨᠣᠭᠤᠭᠠᠨ ᠣᠷᠢᠶᠠᠩᠭᠤ ᠳᠤ ᠲᠡᠭᠦᠵᠢᠯᠡᠭᠳᠡᠨ᠂ ᠲᠠᠷᠢᠶᠠᠴᠢᠨ ᠡᠷᠦᠬᠡ ᠨᠦᠭᠦᠳ ᠠᠮᠳᠠᠳᠤ ᠬᠡᠮᠬᠡ ᠶᠢᠨ ᠲᠠᠷᠢᠶᠠᠨ ᠳᠤ ᠰᠦᠯᠵᠢᠯᠳᠦᠨ ᠶᠠᠭᠠᠷᠠᠯᠳᠤᠵᠤ᠂ ᠪᠣᠯᠪᠠᠰᠤᠷᠠᠭᠰᠠᠨ ᠠᠮᠲᠠᠲᠤ ᠬᠡᠮᠬᠡ ᠪᠠᠨ ᠬᠢᠴᠢᠶᠡᠮᠵᠢᠲᠡᠢ ᠪᠠᠷ ᠲᠡᠭᠦᠵᠦ᠂ ᠡᠯᠪᠡᠭ ᠬᠤᠷᠢᠶᠠᠯᠲᠠ ᠶᠢᠨ ᠪᠠᠶᠠᠷ ᠪᠠᠭ᠋ᠠᠳᠤᠯ ᠢᠶᠠᠷ ᠪᠢᠯᠬᠠᠨ᠎ᠠ᠃     ︽ᠪᠢ ᠡ᠊ᠨᠳᠡ ᠬᠤᠶᠠᠷ ᠵᠢᠯ ᠭᠠᠷᠤᠶ ᠬᠥᠯᠥᠰᠥᠨ ᠠᠵᠢᠯ ᠬᠢᠵᠦ ᠪᠠᠶᠢᠨ᠎ᠠ᠂ ᠭᠡᠷ ᠤᠨ ᠡᠭᠦᠳᠡᠨ ᠳᠤ ᠪᠠᠨ ᠤᠷᠤᠯᠭ᠎ᠠ ᠣᠯᠵᠤ ᠪᠣᠯᠬᠤ ᠪᠥᠭᠡᠳ ᠪᠠᠰᠠ ᠭᠡᠷ ᠪᠦᠯᠢ ᠦᠷ᠎ᠡ ᠬᠡᠦᠬᠡᠳ ᠢᠶᠠᠨ ᠬᠠᠷᠠᠭᠠᠯᠵᠠᠳᠠᠭ᠂ ᠣᠳᠣ ᠠᠮᠲᠠᠲᠤ ᠬᠡᠮᠬᠡ ᠡᠯᠪᠡᠭ ᠬᠤᠷᠢᠶᠠᠯᠲᠠ ᠣᠯᠵᠤ᠂ ᠪᠢᠳᠡ ᠤᠨᠠᠭᠰᠠᠨ ᠮᠠᠯᠠᠭᠠᠢ ᠪᠠᠨ ᠠᠪᠬᠤ ᠵᠠᠪ ᠦᠭᠡᠢ ᠶᠠᠭᠠᠷᠠᠯᠳᠤᠨ᠎ᠠ᠂ ᠬᠡᠳᠡᠯ᠎ᠡ ᠣᠷᠣᠯᠭ᠎ᠠ ᠴᠦ ᠳᠠᠭᠠᠯᠳᠤᠨ ᠨᠡᠮᠡᠭᠳᠡᠳᠡᠭ︾ ᠭᠡᠵᠦ ᠠᠮᠳᠠᠳᠤ ᠬᠡᠮᠬᠡ ᠶᠢᠨ ᠬᠦᠯᠡᠮᠵᠢ ᠳᠤ ᠶᠠᠭᠠᠷᠠᠵᠤ ᠪᠠᠶᠢᠭᠰᠠᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠢᠷᠦᠬᠡᠨ ᠪᠠᠯᠭᠠᠰᠤᠨ ᠤ ᠬᠤᠩ ᠰᠢᠨ ᠲᠣᠰᠬᠤᠨ ᠤ ᠠᠷᠠᠳ ᠵᠠᠩ ᠱᠦ ᠶᠠᠨ ᠬᠦᠯᠦᠰᠦ ᠪᠠᠨ ᠠᠷᠴᠢᠨ ᠪᠠᠶᠠᠷᠳᠠᠶᠢᠬᠠᠨ ᠬᠡᠯᠡᠨ᠎ᠡ᠃    ᠤᠢᠢᠷ᠎ᠠ ᠶᠢᠨ ᠵᠢᠯ ᠠᠴᠠ ᠨᠠᠰᠢ᠂ ᠵᠢᠷᠦᠬᠡᠨ ᠪᠠᠯᠭᠠᠰᠤ ᠶᠢᠨ ᠬᠢᠨ ᠬᠥᠳᠡᠭᠡ ᠠᠵᠤ ᠠᠬᠤᠢ ᠶᠢᠨ ᠠᠵᠤ ᠦᠢᠯᠡᠰ ᠤᠨ ᠪᠦᠲᠦᠴᠡ ᠳᠤ ᠢᠳᠡᠪᠬᠢᠲᠡᠢ ᠲᠤᠬᠢᠷᠠᠭᠤᠯᠤᠯᠳᠠ ᠬᠢᠵᠦ᠂ ᠠᠮᠲᠠᠲᠤ ᠬᠡᠮᠬᠡ ᠶᠢᠨ ᠲᠠᠷᠢᠮᠠᠯ ᠢ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠴᠢᠬᠤᠯᠠ ᠭᠠᠷᠳᠠᠴᠠ ᠪᠣᠯᠭᠠᠵᠤ᠂ ᠲᠡᠷᠢᠭᠦᠨ ᠤ ᠲᠠᠷᠢᠮᠠᠯ ᠤᠨ ᠮᠡᠷᠭᠡᠵᠢᠯ ᠢ ᠣᠷᠣᠭᠤᠯᠤᠨ ᠠᠪᠴᠢᠷᠠᠬᠤ᠂ ᠲᠦᠷᠦᠯ ᠵᠦᠢᠯ ᠤᠨ ᠪᠦᠲᠦᠴᠡ ᠶᠢ ᠰᠢᠯᠢᠳᠡᠭᠵᠢᠭᠦᠯᠬᠦ᠂ ᠦᠢᠯᠡᠳᠪᠦᠷᠢᠯᠡᠯ ᠪᠣᠷᠣᠯᠠᠭᠤᠯᠭ᠎ᠠ ᠶᠢᠨ ᠵᠣᠯᠭᠠᠯᠴᠠᠭ᠎ᠠ ᠶᠢ ᠴᠢᠩᠭᠠᠳᠬᠠᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠠᠮᠲᠠᠲᠤ ᠬᠡᠮᠬᠡ ᠶᠢᠨ ᠠᠵᠤ ᠦᠢᠯᠡᠰ ᠤᠨ ᠬᠡᠪᠴᠢᠶᠡᠵᠢᠯ᠂ ᠪᠠᠷᠢᠮᠵᠢᠶᠠᠵᠢᠯᠲᠠ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠤᠨᠴᠠᠯᠢᠬᠳᠤ ᠲᠠᠷᠢᠶᠠᠯᠠᠩ ᠤᠨ ᠪᠦᠲᠦᠭᠡᠭᠳᠡᠬᠦᠨ ᠢᠶᠠᠷ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠭᠤᠤᠯ ᠠᠷᠭ᠎ᠠ ᠵᠠᠮ ᠪᠣᠯᠭᠠᠪᠠ᠃    ︽ᠡᠨᠡ ᠵᠢᠯ᠂ ᠡᠮᠦᠨᠡᠬᠢ ᠬᠤᠭᠤᠴᠠᠭᠠᠨ ᠤ ᠦᠷ᠎ᠡ ᠰᠣᠩᠭᠤᠬᠤ ᠠᠴᠠ ᠲᠠᠷᠢᠶᠠᠨ ᠠᠵᠢᠯ ᠤᠨ ᠬᠠᠮᠢᠶᠠᠷᠤᠯᠲᠠ ᠬᠦᠷᠲᠡᠯ᠎ᠡ᠂ ᠮᠠᠨ ᠤ ᠪᠦᠯᠬᠦᠮ ᠤᠨ ᠬᠢᠨ ᠮᠠᠰᠢ ᠤᠯᠠᠨ ᠬᠦᠴᠦ ᠬᠥᠳᠡᠯᠮᠦᠷᠢ ᠵᠠᠷᠤᠴᠠᠭᠤᠯᠵᠤ᠂ ᠳᠤᠰᠤᠯᠭᠠᠨ ᠤᠰᠤᠯᠠᠬᠤ ᠮᠡᠷᠭᠡᠵᠢᠯ ᠪᠣᠯᠤᠨ ᠠᠮᠢᠳᠤ ᠪᠣᠳᠠᠰ ᠢᠶᠠᠷ ᠰᠡᠷᠭᠡᠶᠢᠯᠡᠨ ᠵᠠᠰᠠᠬᠤ ᠠᠷᠭ᠎ᠠ ᠶᠢ ᠬᠡᠷᠡᠭᠯᠡᠵᠦ᠂ ᠭᠠᠷᠤᠯᠲᠠ ᠨᠢ ᠨᠢᠳᠤᠨᠤᠨ ᠤ ᠬᠢ ᠠᠴᠠ 30% ᠪᠠᠷ ᠳᠡᠭᠡᠭᠰᠢᠯᠡᠭᠰᠡᠨ ᠪᠥᠭᠡᠳ ᠰᠢᠬᠢᠷ ᠤᠨ ᠬᠡᠮᠵᠢᠶ᠎ᠡ ᠨᠢ ᠴᠦ 15 ᠳᠡᠭᠡᠭᠰᠢᠯᠡᠵᠦ᠂ ᠠᠮᠲᠠ ᠰᠢᠮᠳᠠ ᠨᠢ ᠨᠡᠩ ᠲᠠᠭᠠᠯᠠᠮᠵᠢᠲᠠᠢ᠂ ᠤᠳᠤ ᠰᠦᠯᠵᠢᠶᠡᠨ ᠭᠠᠳᠠᠨ᠎ᠠ ᠰᠦᠯᠵᠢᠶᠡᠨ ᠳᠡᠭᠡᠷᠡᠬᠢ ᠵᠠᠬᠢᠶᠠᠯᠠᠭ᠎ᠠ ᠲᠠᠰᠤᠷᠠᠯᠳᠡ ᠦᠭᠡᠢ ᠪᠠᠶᠢᠵᠤ᠂ ᠪᠠᠰᠠ ᠡᠷᠬᠢᠨ ᠲᠣᠭᠤᠷᠢᠨ ᠤ ᠬᠤᠳᠠᠯᠳᠤᠭᠠᠨ ᠤ ᠴᠢᠯᠦᠭᠡᠳᠦ ᠳᠡᠯᠭᠡᠭᠦᠷ᠂  ᠵᠢᠮᠢᠰ ᠤᠨ ᠳᠡᠯᠭᠡᠭᠦᠷ ᠲᠠᠢ ᠤᠷᠳᠤ ᠬᠤᠭᠤᠴᠠᠭᠠᠨ ᠤ ᠪᠠᠷᠠᠭ᠎ᠠ ᠬᠠᠩᠭᠠᠬᠤ ᠬᠡᠯᠡᠯᠴᠡᠭᠡᠷ ᠲᠣᠭᠲᠠᠵᠠᠢ᠃ ᠳᠠᠷᠠᠭᠠᠴᠢ ᠶᠢᠨ ᠠᠯᠬᠤᠮ ᠳᠤ᠂ ᠪᠢᠳᠡ ᠲᠠᠷᠢᠮᠠᠯ ᠤᠨ ᠬᠡᠪᠴᠢᠶ᠎ᠡ ᠪᠠᠨ ᠥᠷᠭᠡᠳᠬᠡᠨ᠂ ᠬᠦᠢᠳᠡᠨ ᠬᠡᠯᠬᠢᠶᠡᠲᠦ ᠬᠥᠮᠥᠷᠭᠡ ᠶᠢᠨ ᠲᠥᠪ ᠢ ᠪᠠᠶᠢᠭᠤᠯᠵᠤ᠂ ᠠᠮᠲᠠᠲᠤ ᠬᠡᠮᠬᠡ ᠶᠢ ᠨᠠᠷᠢᠯᠢᠭ ᠡᠳ᠋ᠰᠢᠭᠦᠯᠦᠭᠰᠡᠨ ᠪᠦᠲᠦᠭᠡᠭᠳᠡᠬᠦᠨ ᠢ ᠨᠡᠭᠡᠭᠡᠨ ᠬᠥᠭᠵᠢᠭᠦᠯᠵᠦ᠂ ᠡᠨᠡᠬᠦ ᠠᠮᠲᠠᠲᠤ ᠬᠡᠮᠬᠡ ᠶᠢᠨ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠨᠡᠩ ᠤᠯᠠᠨ ᠨᠤᠲᠤᠭ ᠤᠨ ᠠᠬ᠎ᠠ ᠳᠡᠭᠦᠦ ᠨᠡᠷ ᠢ ᠲᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠬᠤ ᠪᠠᠷ ᠲᠥᠯᠥᠪᠯᠡᠵᠦ ᠪᠠᠶᠢᠨ᠎ᠠ︾ ᠭᠡᠵᠦ ᠵᠢᠷᠦᠬᠡᠨ ᠪᠠᠯᠭᠠᠰᠤᠨ ᠤ ᠬᠤᠩ ᠰᠢᠨ ᠲᠣᠰᠬᠤᠨ ᠤ ᠤᠨᠴᠠᠯᠢᠬᠳᠤ ᠠᠵᠤ ᠦᠢᠯᠡᠰ ᠤᠨ ᠬᠦᠷᠢᠶᠡᠯᠡᠩ ᠤᠨ ᠠᠮᠳᠠᠳᠤ ᠬᠡᠮᠬᠡ ᠶᠢᠨ ᠬᠦᠯᠡᠮᠵᠢ ᠶᠢᠨ ᠬᠠᠷᠢᠭᠤᠴᠠᠯᠭᠠᠲᠠᠨ ᠵᠠᠩ ᠶᠠᠨ ᠬᠡᠯᠡᠪᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号