| ︽ᠡᠨᠡ ᠵᠢᠯ ᠪᠢᠳᠡ ᠬᠦᠯᠡᠮᠵᠢ ᠶᠢᠨ ᠳᠤᠯᠠᠭᠠᠨ ᠤ ᠬᠡᠮᠵᠢᠶ᠎ᠡ᠂ ᠴᠢᠭᠢᠭ ᠤᠨ ᠬᠡᠮᠵᠢᠶ᠎ᠡ ᠶᠢ ᠴᠥᠮ ᠮᠠᠰᠢ ᠰᠠᠶᠢᠨ | ᠬᠢᠵᠠᠭᠠᠷᠯᠠᠵᠤ᠂ ᠣᠷᠭᠠᠨᠢᠭ ᠪᠣᠷᠳᠣᠭᠤᠷ ᠢ ᠤᠷᠤᠭᠤᠯᠤᠭᠰᠠᠨ ᠠᠴᠠ ᠠᠮᠲᠠᠲᠤ ᠬᠡᠮᠬᠡ ᠶᠢᠨ ᠠᠮᠲᠠ ᠨᠢ ᠥᠩᠭᠡᠷᠡᠭᠰᠡᠨ | ᠵᠢᠯ ᠤᠨ ᠬᠢ ᠠᠴᠠ ᠨᠡᠩ ᠰᠠᠶᠢᠨ ᠪᠣᠯᠵᠠᠢ᠂ ᠡᠨᠡ ᠬᠡᠳᠦᠨ ᠡᠳᠦᠷ ᠬᠡᠳᠦ᠋ᠢᠪᠡᠷ ᠵᠢᠭᠠᠬᠠᠨ ᠶᠠᠳᠠᠷᠠᠭᠰᠠᠨ ᠪᠣᠯᠪᠠᠴᠤ | ᠡᠶᠢᠮᠦ ᠡᠯᠪᠡᠭ ᠬᠤᠷᠢᠶᠠᠯᠲᠠ ᠶᠢ ᠣᠯᠵᠤ ᠦᠵᠡᠭᠡᠳ ᠰᠡᠳᠬᠢᠯ ᠮᠠᠰᠢ ᠲᠡᠨᠢᠭᠦᠨ ᠪᠣᠯᠵᠠᠢ᠂ ᠠᠷᠠᠳ ᠣᠯᠠᠨ ᠤ ᠮᠠᠨ ᠤ | ᠠᠮᠲᠠᠲᠤ ᠬᠡᠮᠬᠡ ᠠᠴᠠ ᠠᠮᠲᠠᠯᠠᠬᠤ ᠶᠢ ᠬᠦᠰᠡᠵᠦ ᠪᠠᠶᠢᠨ᠎ᠠ︾ ᠭᠡᠵᠦ ᠬᠤᠷᠴᠢᠨ ᠪᠠᠷᠠᠭᠤᠨ ᠭᠠᠷᠤᠨ ᠡᠮᠦᠨᠡᠲᠦ | ᠬᠤᠰᠢᠭᠤᠨ ᠤ ᠵᠢᠷᠦᠬᠡᠨ ᠪᠠᠯᠭᠠᠰᠤᠨ ᠤ ᠬᠤᠩ ᠰᠢᠨ ᠲᠣᠰᠬᠤᠨ ᠤ ᠤᠨᠴᠠᠯᠢᠬᠳᠤ ᠠᠵᠤ ᠦᠢᠯᠡᠰ ᠤᠨ | ᠬᠦᠷᠢᠶᠡᠯᠡᠩ ᠤᠨ ᠠᠵᠢᠯᠳᠠᠨ ᠯᠢ ᠢᠦᠢ ᠰᠢᠶᠠᠩ ᠰᠤᠷᠪᠤᠯᠵᠢᠯᠠᠭᠴᠢ ᠳᠤ ᠪᠠᠶᠠᠷ ᠬᠦᠷ ᠲᠠᠢ ᠪᠠᠷ ᠲᠠᠨᠢᠯᠴᠠᠭᠤᠯᠪᠠ᠃ | 5 ᠰᠠᠷ᠎ᠠ ᠶᠢᠨ 26 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠢᠷᠦᠬᠡᠨ ᠪᠠᠯᠭᠠᠰᠤᠨ ᠤ | ᠤᠨᠴᠠᠯᠢᠬᠳᠤ ᠠᠵᠤ ᠦᠢᠯᠡᠰ ᠤᠨ ᠬᠦᠷᠢᠶᠡᠯᠡᠩ ᠤᠨ ᠠᠮᠲᠠᠲᠤ ᠬᠡᠮᠬᠡ ᠵᠠᠬ᠎ᠠ ᠳᠡᠯᠭᠡᠭᠦᠷ ᠲᠤ ᠭᠠᠷᠴᠤ᠂ ᠲᠠᠷᠢᠶᠠᠨ | ᠭᠠᠵᠠᠷ ᠠᠴᠠ ᠬᠡᠷᠡᠭᠯᠡᠭᠴᠢᠳ ᠤᠨ ᠠᠮᠠᠨ ᠳᠤ ᠬᠦᠷᠲᠡᠯ᠎ᠡ᠂ ᠲᠠᠷᠢᠵᠦ ᠤᠷᠭᠤᠭᠤᠯᠬᠤ ᠠᠴᠠ ᠣᠷᠣᠯᠭ᠎ᠠ ᠪᠠᠨ | ᠨᠡᠮᠡᠭᠳᠡᠭᠦᠯᠬᠦ ᠬᠦᠷᠲᠡᠯ᠎ᠡ᠂ ᠨᠢᠭᠡ ᠨᠢᠭᠡ ᠠᠮᠲᠠᠲᠤ ᠬᠡᠮᠬᠡ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠤ | ᠦᠢᠯᠡᠰ ᠤᠨ ᠬᠡᠯᠬᠢᠶ᠎ᠡ ᠶᠢ ᠬᠤᠯᠪᠣᠵᠠᠢ᠃ | ᠵᠢᠷᠦᠬᠡᠨ ᠪᠠᠯᠭᠠᠰᠤᠨ ᠤ ᠤᠨᠴᠠᠯᠢᠬᠳᠤ ᠠᠵᠤ ᠦᠢᠯᠡᠰ ᠤᠨ ᠬᠦᠷᠢᠶᠡᠯᠡᠩ ᠳᠤ ᠣᠷᠣᠬᠤ ᠳᠤ᠂ ᠠᠩᠬᠢᠯᠤᠮ᠎ᠠ | ᠦᠨᠦᠷ ᠬᠠᠩᠬᠤᠯᠤᠭᠰᠠᠨ ᠠᠮᠲᠠᠲᠤ ᠬᠡᠮᠬᠡ ᠨᠦᠭᠦᠳ ᠨᠣᠮᠢᠨ ᠨᠣᠭᠤᠭᠠᠨ ᠣᠷᠢᠶᠠᠩᠭᠤ ᠳᠤ ᠲᠡᠭᠦᠵᠢᠯᠡᠭᠳᠡᠨ᠂ | ᠲᠠᠷᠢᠶᠠᠴᠢᠨ ᠡᠷᠦᠬᠡ ᠨᠦᠭᠦᠳ ᠠᠮᠳᠠᠳᠤ ᠬᠡᠮᠬᠡ ᠶᠢᠨ ᠲᠠᠷᠢᠶᠠᠨ ᠳᠤ ᠰᠦᠯᠵᠢᠯᠳᠦᠨ ᠶᠠᠭᠠᠷᠠᠯᠳᠤᠵᠤ᠂ ᠪᠣᠯᠪᠠᠰᠤᠷᠠᠭᠰᠠᠨ | ᠠᠮᠲᠠᠲᠤ ᠬᠡᠮᠬᠡ ᠪᠠᠨ ᠬᠢᠴᠢᠶᠡᠮᠵᠢᠲᠡᠢ ᠪᠠᠷ ᠲᠡᠭᠦᠵᠦ᠂ ᠡᠯᠪᠡᠭ ᠬᠤᠷᠢᠶᠠᠯᠲᠠ ᠶᠢᠨ ᠪᠠᠶᠠᠷ ᠪᠠᠭ᠋ᠠᠳᠤᠯ ᠢᠶᠠᠷ ᠪᠢᠯᠬᠠᠨ᠎ᠠ᠃ | ︽ᠪᠢ ᠡ᠊ᠨᠳᠡ ᠬᠤᠶᠠᠷ ᠵᠢᠯ ᠭᠠᠷᠤᠶ ᠬᠥᠯᠥᠰᠥᠨ ᠠᠵᠢᠯ ᠬᠢᠵᠦ ᠪᠠᠶᠢᠨ᠎ᠠ᠂ ᠭᠡᠷ ᠤᠨ ᠡᠭᠦᠳᠡᠨ ᠳᠤ ᠪᠠᠨ | ᠤᠷᠤᠯᠭ᠎ᠠ ᠣᠯᠵᠤ ᠪᠣᠯᠬᠤ ᠪᠥᠭᠡᠳ ᠪᠠᠰᠠ ᠭᠡᠷ ᠪᠦᠯᠢ ᠦᠷ᠎ᠡ ᠬᠡᠦᠬᠡᠳ ᠢᠶᠠᠨ ᠬᠠᠷᠠᠭᠠᠯᠵᠠᠳᠠᠭ᠂ ᠣᠳᠣ ᠠᠮᠲᠠᠲᠤ | ᠬᠡᠮᠬᠡ ᠡᠯᠪᠡᠭ ᠬᠤᠷᠢᠶᠠᠯᠲᠠ ᠣᠯᠵᠤ᠂ ᠪᠢᠳᠡ ᠤᠨᠠᠭᠰᠠᠨ ᠮᠠᠯᠠᠭᠠᠢ ᠪᠠᠨ ᠠᠪᠬᠤ ᠵᠠᠪ ᠦᠭᠡᠢ ᠶᠠᠭᠠᠷᠠᠯᠳᠤᠨ᠎ᠠ᠂ ᠬᠡᠳᠡᠯ᠎ᠡ | ᠣᠷᠣᠯᠭ᠎ᠠ ᠴᠦ ᠳᠠᠭᠠᠯᠳᠤᠨ ᠨᠡᠮᠡᠭᠳᠡᠳᠡᠭ︾ ᠭᠡᠵᠦ ᠠᠮᠳᠠᠳᠤ ᠬᠡᠮᠬᠡ ᠶᠢᠨ ᠬᠦᠯᠡᠮᠵᠢ ᠳᠤ ᠶᠠᠭᠠᠷᠠᠵᠤ ᠪᠠᠶᠢᠭᠰᠠᠨ | ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠢᠷᠦᠬᠡᠨ ᠪᠠᠯᠭᠠᠰᠤᠨ ᠤ ᠬᠤᠩ ᠰᠢᠨ ᠲᠣᠰᠬᠤᠨ ᠤ ᠠᠷᠠᠳ | ᠵᠠᠩ ᠱᠦ ᠶᠠᠨ ᠬᠦᠯᠦᠰᠦ ᠪᠠᠨ ᠠᠷᠴᠢᠨ ᠪᠠᠶᠠᠷᠳᠠᠶᠢᠬᠠᠨ ᠬᠡᠯᠡᠨ᠎ᠡ᠃ | ᠤᠢᠢᠷ᠎ᠠ ᠶᠢᠨ ᠵᠢᠯ ᠠᠴᠠ ᠨᠠᠰᠢ᠂ ᠵᠢᠷᠦᠬᠡᠨ ᠪᠠᠯᠭᠠᠰᠤ ᠶᠢᠨ ᠬᠢᠨ ᠬᠥᠳᠡᠭᠡ ᠠᠵᠤ ᠠᠬᠤᠢ ᠶᠢᠨ ᠠᠵᠤ | ᠦᠢᠯᠡᠰ ᠤᠨ ᠪᠦᠲᠦᠴᠡ ᠳᠤ ᠢᠳᠡᠪᠬᠢᠲᠡᠢ ᠲᠤᠬᠢᠷᠠᠭᠤᠯᠤᠯᠳᠠ ᠬᠢᠵᠦ᠂ ᠠᠮᠲᠠᠲᠤ ᠬᠡᠮᠬᠡ ᠶᠢᠨ ᠲᠠᠷᠢᠮᠠᠯ ᠢ ᠬᠥᠳᠡᠭᠡ | ᠲᠣᠰᠬᠤᠨ ᠤ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠴᠢᠬᠤᠯᠠ ᠭᠠᠷᠳᠠᠴᠠ ᠪᠣᠯᠭᠠᠵᠤ᠂ ᠲᠡᠷᠢᠭᠦᠨ ᠤ | ᠲᠠᠷᠢᠮᠠᠯ ᠤᠨ ᠮᠡᠷᠭᠡᠵᠢᠯ ᠢ ᠣᠷᠣᠭᠤᠯᠤᠨ ᠠᠪᠴᠢᠷᠠᠬᠤ᠂ ᠲᠦᠷᠦᠯ ᠵᠦᠢᠯ ᠤᠨ ᠪᠦᠲᠦᠴᠡ ᠶᠢ ᠰᠢᠯᠢᠳᠡᠭᠵᠢᠭᠦᠯᠬᠦ᠂ | ᠦᠢᠯᠡᠳᠪᠦᠷᠢᠯᠡᠯ ᠪᠣᠷᠣᠯᠠᠭᠤᠯᠭ᠎ᠠ ᠶᠢᠨ ᠵᠣᠯᠭᠠᠯᠴᠠᠭ᠎ᠠ ᠶᠢ ᠴᠢᠩᠭᠠᠳᠬᠠᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ | ᠠᠮᠲᠠᠲᠤ ᠬᠡᠮᠬᠡ ᠶᠢᠨ ᠠᠵᠤ ᠦᠢᠯᠡᠰ ᠤᠨ ᠬᠡᠪᠴᠢᠶᠡᠵᠢᠯ᠂ ᠪᠠᠷᠢᠮᠵᠢᠶᠠᠵᠢᠯᠲᠠ ᠶᠢᠨ ᠲᠦᠪᠰᠢᠨ ᠢ ᠲᠠᠰᠤᠷᠠᠯᠲᠠ ᠦᠭᠡᠢ | ᠳᠡᠭᠡᠭᠰᠢᠯᠡᠭᠦᠯᠵᠦ᠂ ᠤᠨᠴᠠᠯᠢᠬᠳᠤ ᠲᠠᠷᠢᠶᠠᠯᠠᠩ ᠤᠨ ᠪᠦᠲᠦᠭᠡᠭᠳᠡᠬᠦᠨ ᠢᠶᠠᠷ ᠲᠠᠷᠢᠶᠠᠴᠢᠳ ᠤᠨ ᠣᠷᠣᠯᠭ᠎ᠠ ᠶᠢ | ᠨᠡᠮᠡᠭᠳᠡᠭᠦᠯᠦᠨ ᠪᠠᠶᠠᠵᠢᠭᠤᠯᠬᠤ ᠭᠤᠤᠯ ᠠᠷᠭ᠎ᠠ ᠵᠠᠮ ᠪᠣᠯᠭᠠᠪᠠ᠃ | ︽ᠡᠨᠡ ᠵᠢᠯ᠂ ᠡᠮᠦᠨᠡᠬᠢ ᠬᠤᠭᠤᠴᠠᠭᠠᠨ ᠤ ᠦᠷ᠎ᠡ ᠰᠣᠩᠭᠤᠬᠤ ᠠᠴᠠ ᠲᠠᠷᠢᠶᠠᠨ ᠠᠵᠢᠯ ᠤᠨ ᠬᠠᠮᠢᠶᠠᠷᠤᠯᠲᠠ | ᠬᠦᠷᠲᠡᠯ᠎ᠡ᠂ ᠮᠠᠨ ᠤ ᠪᠦᠯᠬᠦᠮ ᠤᠨ ᠬᠢᠨ ᠮᠠᠰᠢ ᠤᠯᠠᠨ ᠬᠦᠴᠦ ᠬᠥᠳᠡᠯᠮᠦᠷᠢ ᠵᠠᠷᠤᠴᠠᠭᠤᠯᠵᠤ᠂ ᠳᠤᠰᠤᠯᠭᠠᠨ | ᠤᠰᠤᠯᠠᠬᠤ ᠮᠡᠷᠭᠡᠵᠢᠯ ᠪᠣᠯᠤᠨ ᠠᠮᠢᠳᠤ ᠪᠣᠳᠠᠰ ᠢᠶᠠᠷ ᠰᠡᠷᠭᠡᠶᠢᠯᠡᠨ ᠵᠠᠰᠠᠬᠤ ᠠᠷᠭ᠎ᠠ ᠶᠢ ᠬᠡᠷᠡᠭᠯᠡᠵᠦ᠂ ᠭᠠᠷᠤᠯᠲᠠ ᠨᠢ | ᠨᠢᠳᠤᠨᠤᠨ ᠤ ᠬᠢ ᠠᠴᠠ 30% ᠪᠠᠷ ᠳᠡᠭᠡᠭᠰᠢᠯᠡᠭᠰᠡᠨ ᠪᠥᠭᠡᠳ ᠰᠢᠬᠢᠷ ᠤᠨ ᠬᠡᠮᠵᠢᠶ᠎ᠡ ᠨᠢ ᠴᠦ 15 ᠳᠡᠭᠡᠭᠰᠢᠯᠡᠵᠦ᠂ | ᠠᠮᠲᠠ ᠰᠢᠮᠳᠠ ᠨᠢ ᠨᠡᠩ ᠲᠠᠭᠠᠯᠠᠮᠵᠢᠲᠠᠢ᠂ ᠤᠳᠤ ᠰᠦᠯᠵᠢᠶᠡᠨ ᠭᠠᠳᠠᠨ᠎ᠠ ᠰᠦᠯᠵᠢᠶᠡᠨ ᠳᠡᠭᠡᠷᠡᠬᠢ ᠵᠠᠬᠢᠶᠠᠯᠠᠭ᠎ᠠ | ᠲᠠᠰᠤᠷᠠᠯᠳᠡ ᠦᠭᠡᠢ ᠪᠠᠶᠢᠵᠤ᠂ ᠪᠠᠰᠠ ᠡᠷᠬᠢᠨ ᠲᠣᠭᠤᠷᠢᠨ ᠤ ᠬᠤᠳᠠᠯᠳᠤᠭᠠᠨ ᠤ ᠴᠢᠯᠦᠭᠡᠳᠦ ᠳᠡᠯᠭᠡᠭᠦᠷ᠂ ᠵᠢᠮᠢᠰ ᠤᠨ | ᠳᠡᠯᠭᠡᠭᠦᠷ ᠲᠠᠢ ᠤᠷᠳᠤ ᠬᠤᠭᠤᠴᠠᠭᠠᠨ ᠤ ᠪᠠᠷᠠᠭ᠎ᠠ ᠬᠠᠩᠭᠠᠬᠤ ᠬᠡᠯᠡᠯᠴᠡᠭᠡᠷ ᠲᠣᠭᠲᠠᠵᠠᠢ᠃ ᠳᠠᠷᠠᠭᠠᠴᠢ ᠶᠢᠨ | ᠠᠯᠬᠤᠮ ᠳᠤ᠂ ᠪᠢᠳᠡ ᠲᠠᠷᠢᠮᠠᠯ ᠤᠨ ᠬᠡᠪᠴᠢᠶ᠎ᠡ ᠪᠠᠨ ᠥᠷᠭᠡᠳᠬᠡᠨ᠂ ᠬᠦᠢᠳᠡᠨ ᠬᠡᠯᠬᠢᠶᠡᠲᠦ ᠬᠥᠮᠥᠷᠭᠡ ᠶᠢᠨ ᠲᠥᠪ ᠢ | ᠪᠠᠶᠢᠭᠤᠯᠵᠤ᠂ ᠠᠮᠲᠠᠲᠤ ᠬᠡᠮᠬᠡ ᠶᠢ ᠨᠠᠷᠢᠯᠢᠭ ᠡᠳ᠋ᠰᠢᠭᠦᠯᠦᠭᠰᠡᠨ ᠪᠦᠲᠦᠭᠡᠭᠳᠡᠬᠦᠨ ᠢ ᠨᠡᠭᠡᠭᠡᠨ ᠬᠥᠭᠵᠢᠭᠦᠯᠵᠦ᠂ ᠡᠨᠡᠬᠦ | ᠠᠮᠲᠠᠲᠤ ᠬᠡᠮᠬᠡ ᠶᠢᠨ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠨᠡᠩ ᠤᠯᠠᠨ ᠨᠤᠲᠤᠭ ᠤᠨ ᠠᠬ᠎ᠠ | ᠳᠡᠭᠦᠦ ᠨᠡᠷ ᠢ ᠲᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠬᠤ ᠪᠠᠷ ᠲᠥᠯᠥᠪᠯᠡᠵᠦ ᠪᠠᠶᠢᠨ᠎ᠠ︾ ᠭᠡᠵᠦ | ᠵᠢᠷᠦᠬᠡᠨ ᠪᠠᠯᠭᠠᠰᠤᠨ ᠤ ᠬᠤᠩ ᠰᠢᠨ ᠲᠣᠰᠬᠤᠨ ᠤ ᠤᠨᠴᠠᠯᠢᠬᠳᠤ ᠠᠵᠤ ᠦᠢᠯᠡᠰ ᠤᠨ ᠬᠦᠷᠢᠶᠡᠯᠡᠩ ᠤᠨ ᠠᠮᠳᠠᠳᠤ | ᠬᠡᠮᠬᠡ ᠶᠢᠨ ᠬᠦᠯᠡᠮᠵᠢ ᠶᠢᠨ ᠬᠠᠷᠢᠭᠤᠴᠠᠯᠭᠠᠲᠠᠨ ᠵᠠᠩ ᠶᠠᠨ ᠬᠡᠯᠡᠪᠡ᠃ |