ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠬᠢᠵᠡᠢ
ᠨᠡᠶᠢᠲᠡᠯᠡᠭᠰᠡᠨ ᠴᠠᠭ᠄
2025/5/28
     5 ᠰᠠᠷ᠎ᠠ ᠶᠢᠨ 27 ᠤ ᠡᠳᠦᠷ᠂ ᠬᠢᠩᠭᠠᠨ ᠠᠶᠢᠮᠠᠭ ᠤᠨ ᠵᠠᠬᠢᠷᠭ᠎ᠠ ᠶᠢᠨ ᠳᠡᠳ᠋ ᠳᠠᠷᠤᠭ᠎ᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠱᠤ᠋ ᠲᠤᠤ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ ᠂ ᠬᠤᠰᠢᠭᠤᠨ ᠳᠠᠷᠤᠭ᠎ᠠ ᠯᠢᠦ ᠬᠠᠶ ᠲᠤᠤ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠸᠠᠩ ᠵᠢᠶᠠ ᠪᠥᠸᠧ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠶᠤᠸᠠᠢ ᠰᠥᠩ ᠱᠠᠨ ᠵᠢᠴᠢ ᠪᠤᠰᠤᠳ ᠬᠤᠰᠢᠭᠤᠨ ᠤ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠭᠡᠰᠢᠬᠦᠨ ᠬᠤᠷᠠᠯ ᠳᠤ ᠣᠷᠣᠯᠴᠠᠵᠠᠶ᠃    ᠬᠤᠷᠠᠯ ᠠᠴᠠ ︽ᠦᠨᠡᠨ︾ ᠰᠡᠳᠬᠦᠯ ᠳᠤ ᠨᠡᠶᠢᠲᠡᠯᠡᠭᠰᠡᠨ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠵᠣᠬᠢᠶᠠᠯ᠂ ︽ᠲᠥᠪ ᠤᠨ ᠨᠠᠢᠮᠠᠨ ᠲᠣᠭᠲᠠᠭᠠᠯ ᠢ ᠴᠥᠬᠦᠷᠡᠯ ᠦᠭᠡᠶ ᠨᠠᠶᠢᠳᠠᠪᠤᠷᠢᠵᠢᠭᠤᠯᠵᠤ᠂ ᠨᠠᠮ ᠤᠨ ᠰᠢᠯᠢᠳᠡᠭ ᠰᠤᠷᠲᠠᠯ ᠢᠶᠠᠷ ᠨᠡᠶᠢᠭᠡᠮ ᠤᠨ ᠰᠤᠷᠲᠠᠯ ᠠᠷᠠᠳ ᠤᠨ ᠰᠤᠷᠲᠠᠯ ᠢ ᠬᠦᠳᠦᠯᠦᠨ ᠳᠠᠭᠠᠭᠤᠯᠤᠨ᠎ᠠ︾᠂ ᠰᠢ ᠶᠢᠨ ᠫᠢᠩ ᠤᠨ ᠨᠡᠶᠢᠭᠡᠮ ᠵᠢᠷᠤᠮ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ︵2025 ᠣᠨ︶᠂ ᠰᠢ ᠶᠢᠨ ᠫᠢᠩ ᠤᠨ ᠰᠦᠯᠵᠢᠶᠡᠨ ᠤ ᠬᠦᠴᠦᠷᠬᠡᠭ ᠤᠯᠤᠰ ᠤᠨ ᠲᠤᠬᠠᠢ ᠥᠭᠦᠯᠡᠯᠲᠡ ᠶᠢᠨ ᠲᠤᠪᠴᠢ ᠨᠠᠶᠢᠷᠠᠭᠤᠯᠤᠯ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠠᠴᠠ ᠲᠠᠷᠤᠮᠠᠯᠯᠠᠨ ᠲᠠᠷᠬᠠᠭᠠᠭᠰᠠᠨ ︽ᠰᠢᠨ᠎ᠡ ᠴᠠᠭ ᠦᠶ᠎ᠡ ᠶᠢᠨ ᠰᠢᠨᠬᠤᠸᠠ ᠬᠤᠷᠢᠶᠠᠨ ᠤ ᠳᠣᠲᠣᠭᠠᠳᠤ ᠯᠠᠪᠯᠠᠯᠲᠠ ᠶᠢᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠰᠠᠨᠠᠯ︾᠂ ︽ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢᠬᠢ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠭᠰᠠᠨ ᠦᠷ᠎ᠡ ᠪᠦᠲᠦᠮᠵᠢ ᠪᠠ ᠲᠤᠷᠰᠢᠯᠭ᠎ᠠ︾᠂ ︽ᠨᠠᠮ ᠵᠠᠰᠠᠭ ᠤᠨ ᠪᠠᠶᠢᠭᠤᠯᠭ᠎ᠠ ᠶᠢᠨ ᠠᠷᠪᠢᠯᠠᠨ ᠭᠠᠮᠨᠠᠬᠤ ᠶᠢ ᠴᠢᠩᠭ᠎ᠠ ᠬᠡᠷᠡᠭᠵᠢᠭᠦᠯᠵᠦ ᠪᠦᠷᠢᠯᠭᠡᠨ ᠰᠦᠢᠳᠬᠡᠬᠦ ᠶᠢ ᠡᠰᠡᠷᠭᠦᠴᠡᠬᠦ ᠳᠦᠷᠢᠮ︾ ᠵᠡᠷᠭᠡ ᠪᠢᠴᠢᠭ ᠮᠠᠲ᠋ᠧᠷᠢᠶᠠᠯ ᠢ ᠤᠯᠠᠮᠵᠢᠯᠠᠨ ᠰᠤᠷᠤᠯᠴᠠᠪᠠ᠃ ︽ᠨᠠᠢᠮᠠᠨ ᠲᠣᠭᠲᠠᠭᠠᠯ ᠢᠶᠠᠷ ᠳᠤᠮᠳᠠᠳᠤ ᠤᠯᠤᠰ ᠢ ᠬᠤᠪᠢᠷᠠᠭᠤᠯᠬᠤ︾ ᠪᠣᠯᠤᠨ ︽︿ᠬᠥᠳᠡᠭᠡ ᠠᠵᠤ ᠠᠬᠤᠢ ᠬᠥᠳᠡᠭᠡ ᠲᠣᠰᠬᠤᠨ ᠮᠠᠯᠴᠢᠨ ᠲᠠᠷᠢᠶᠠᠴᠢᠨ﹀ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠲᠥᠯᠥᠭᠡ ᠥᠨᠳᠥᠷ ᠦᠷ᠎ᠡ ᠪᠦᠲᠦᠮᠵᠢᠲᠡᠢ ᠪᠠᠷ ᠨᠢᠭᠡ ᠶᠠᠪᠤᠳᠠᠯ ᠢ ᠪᠦᠲᠦᠭᠡᠬᠦ ᠸᠢᠳᠢᠣ᠋ ᠶᠢᠨ ᠴᠤᠭᠯᠠᠷᠠᠯ ︵ᠳᠡᠭᠡᠳᠦ︶︾ ᠢ ᠬᠠᠮᠳᠤ  ᠪᠠᠷ ᠰᠤᠨᠢᠷᠬᠠᠪᠠ᠃    ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠳ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠣᠯᠤᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠲᠣᠭᠤᠷᠢᠨ ᠳᠤ ᠰᠠᠨᠠᠯ ᠢᠶᠠᠨ ᠰᠣᠯᠢᠯᠴᠠᠵᠤ ᠶᠠᠷᠢᠶ᠎ᠠ ᠲᠠᠯᠪᠢᠵᠠᠢ᠃     ᠬᠤᠷᠠᠯ ᠠᠴᠠ ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠪᠣᠯ ᠨᠢᠭᠡᠨ ᠤᠳᠠᠭᠠᠨ ᠤ ᠪᠤᠭᠤᠮᠳᠠ ᠰᠢᠪᠳᠤᠯᠬᠤ ᠳᠠᠶᠢᠨ᠂ ᠤᠳᠠᠭᠠᠨ ᠳᠠᠭᠠᠭᠠᠮᠠᠭᠠᠶ ᠳᠠᠶᠢᠨ ᠮᠥᠨ᠂ ᠡᠭᠦᠨ ᠢ ᠡᠷᠬᠡᠪᠰᠢ ᠰᠤᠯᠠᠷᠠᠭᠤᠯᠤᠯ ᠦᠭᠡᠶ ᠪᠠᠶᠢᠩᠭᠤ ᠠᠳᠬᠤᠵᠤ᠂ ᠤᠷᠲᠤ ᠬᠤᠭᠤᠴᠠᠭ᠎ᠠ ᠪᠠᠷ ᠪᠠᠷᠢᠮᠲᠠᠯᠠᠬᠤ ᠬᠡᠷᠡᠭᠲᠡᠶ᠃ ᠤᠳᠤᠷᠢᠳᠬᠤ ᠺᠠᠳ᠋ᠷ ᠪᠡᠶ᠎ᠡ ᠪᠠᠷ ᠢᠶᠠᠨ ᠬᠡᠪ ᠲᠦᠷᠢᠮ ᠪᠤᠯᠵᠤ᠂ ᠳᠡᠭᠡᠳᠦ ᠱᠠᠳᠤ ᠨᠢ ᠲᠤᠤᠷᠠᠳᠤ ᠱᠠᠳᠤ ᠪᠠᠨ ᠳᠠᠭᠠᠭᠤᠯᠬᠤ ᠶᠢ ᠢᠮᠠᠭᠲᠠ ᠪᠠᠷᠢᠮᠲᠠᠯᠠᠨ᠂ ᠨᠠᠮᠴᠢ ᠴᠢᠨᠠᠷ ᠤᠨ ᠪᠣᠯᠪᠠᠰᠤᠷᠠᠯ ᠢᠶᠠᠨ ᠴᠢᠩᠭᠠᠳᠬᠠᠨ᠂ ᠤᠬᠠᠮᠰᠠᠷ ᠠᠴᠠ ᠪᠠᠨ ᠬᠢᠨᠠᠯᠲᠠ ᠶᠢ ᠬᠦᠯᠢᠶᠡᠵᠦ᠂ ︽ᠵᠠᠩᠭᠢᠯᠠᠭ᠎ᠠ ᠶᠢᠨ ᠴᠥᠭᠡᠨ ᠲᠣᠭᠠᠲᠠᠨ︾ ᠢᠶᠠᠷ ᠵᠢᠱᠢᠶ᠎ᠡ ᠦᠵᠡᠭᠦᠯᠦᠨ ︽ᠵᠣᠩᠬᠢᠯᠠᠬᠤ ᠤᠯᠠᠨ ᠲᠣᠭᠠᠲᠠᠨ︾ ᠢ ᠳᠠᠶᠢᠴᠢᠯᠠᠬᠤ ᠬᠡᠷᠡᠭᠲᠡᠶ᠃ ᠬᠡᠯᠪᠡᠷᠢᠴᠢ ᠦᠵᠡᠯ᠂ ᠨᠣᠶᠠᠨᠴᠢ ᠰᠤᠷᠲᠠᠯ᠂ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠵᠡᠷᠭᠡ ︽ᠲᠦᠷᠪᠡᠨ ᠰᠤᠷᠲᠠᠯ︾ ᠤᠨ ᠠᠰᠠᠭᠤᠳᠠᠯ ᠢ ᠴᠢᠩᠭ᠎ᠠ ᠠᠩᠬᠠᠷᠴᠤ᠂ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠪᠠ ᠬᠥᠭᠵᠢᠯᠲᠡ ᠶᠢᠨ ᠠᠮᠢ ᠠᠬᠤᠢ ᠶᠢ ᠲᠠᠰᠤᠷᠠᠯᠲᠠ ᠦᠭᠡᠢ ᠪᠠᠬᠢᠵᠢᠭᠦᠯᠬᠦ ᠬᠡᠷᠡᠭᠲᠡᠢ᠃ ᠰᠢᠨ᠎ᠡ ᠴᠠᠭ ᠦᠶ᠎ᠡ ᠶᠢᠨ ᠨᠠᠮ ᠤᠨ ᠤᠯᠠᠨ ᠲᠦᠮᠡᠨᠴᠢ ᠱᠤᠭᠤᠮ ᠢᠶᠠᠷ ᠰᠠᠶᠢᠲᠤᠷ ᠵᠠᠮᠨᠠᠵᠤ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠤᠯᠠᠨ ᠲᠦᠮᠡᠨ ᠤ ᠪᠠᠴᠢᠮᠳᠠᠵᠤ ᠲᠦᠪᠡᠭᠳᠡᠵᠦ ᠬᠦᠴᠢᠷᠳᠡᠵᠦ ᠵᠣᠪᠠᠨᠢᠵᠤ ᠪᠠᠶᠢᠭ᠎ᠠ ᠠᠰᠠᠭᠤᠳᠠᠯ ᠢ ᠰᠡᠳᠬᠢᠯ ᠲᠠᠯᠪᠢᠨ ᠬᠦᠴᠦ ᠣᠷᠣᠭᠤᠯᠤᠨ ᠰᠢᠢᠳᠪᠦᠷᠢᠯᠡᠵᠦ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠢ᠃ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢ ᠬᠦᠳᠦᠯᠦᠨ ᠵᠢᠯᠣᠭᠤᠳᠴᠤ ᠪᠠᠶᠢᠭᠠᠳ ᠵᠥᠪ ᠠᠵᠢᠯ ᠤᠨ ᠠᠮᠵᠢᠯᠲᠠ ᠶᠢᠨ ᠦᠵᠡᠯᠲᠡ ᠶᠢ ᠪᠠᠲᠤ ᠪᠤᠢ ᠪᠣᠯᠭᠠᠬᠤ ᠪᠠ ᠦᠢᠯᠡᠳᠦᠯᠭᠡᠵᠢᠭᠦᠯᠵᠦ᠂ ᠲᠦᠷᠢᠮ ᠲᠣᠭᠲᠠᠭᠠᠯ ᠰᠠᠬᠢᠯᠭ᠎ᠠ ᠪᠠᠲᠤ ᠶᠢ ᠰᠠᠬᠢᠬᠤ ᠳᠤᠮᠳᠠ ᠥᠭᠡᠷᠡᠴᠢᠯᠡᠯᠲᠡ ᠬᠢᠵᠦ ᠰᠢᠨ᠎ᠡ ᠶᠢ ᠡᠭᠦᠳᠴᠦ᠂ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠵᠦ᠂ ᠰᠢᠯᠢᠳᠡᠭ ᠰᠤᠷᠲᠠᠯ ᠢᠶᠠᠷ ᠰᠡᠳᠬᠢᠯ ᠢᠶᠠᠨ ᠨᠢᠭᠲᠠᠷᠠᠭᠤᠯᠤᠨ ᠬᠦᠴᠦᠨ ᠢᠶᠠᠨ ᠬᠠᠮᠲᠤᠳᠬᠠᠵᠤ᠂ ᠠᠵᠢᠯ ᠬᠢᠵᠦ ᠦᠢᠯᠡᠰ ᠪᠤᠰᠬᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠰᠢᠨ᠎ᠡ ᠬᠠᠭᠤᠳᠠᠰᠤ ᠶᠢ ᠪᠢᠴᠢᠭᠯᠡᠬᠦ ᠬᠡᠷᠡᠭᠲᠡᠢ ᠭᠡᠵᠡᠢ᠃    ᠬᠤᠷᠠᠯ ᠠᠴᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠮᠢ ᠠᠬᠤᠶ ᠶᠢᠨ ᠬᠠᠮᠠᠭᠠᠯᠠᠯᠲᠠ ᠶᠢᠨ ᠬᠠᠷᠢᠭᠤᠴᠠᠯᠭ᠎ᠠ ᠬᠦᠨᠳᠦ᠂ ᠪᠥᠬᠦ ᠬᠤᠰᠢᠭᠤᠨ ᠤ ᠳᠡᠭᠡᠳᠦ ᠳᠣᠤᠷᠠᠳᠤ ᠱᠠᠲᠤᠨ ᠤ ᠬᠢᠨ ᠡᠷᠬᠡᠪᠰᠢ ᠬᠤᠷᠢᠭ᠎ᠠ ᠱᠤᠭᠤᠮ ᠤᠨ ᠰᠡᠳᠬᠢᠬᠦᠶ᠂ ᠰᠢᠰᠲ᠋ᠧᠮᠲᠦ ᠦᠵᠡᠯᠲᠡ᠂ ᠪᠣᠬᠢᠷᠲᠤᠯ ᠥᠬᠡᠶ ᠬᠥᠭᠵᠢᠯᠲᠡ ᠶᠢ ᠪᠠᠷᠢᠮᠲᠠᠯᠠᠵᠤ᠂ ᠰᠠᠶᠢᠨ ᠰᠠᠶᠢᠬᠠᠨ ᠠᠮᠢ ᠠᠬᠤᠶ ᠶᠢᠨ ᠣᠷᠴᠢᠨ ᠲᠣᠭᠤᠷᠢᠨ ᠢᠶᠠᠷ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号