| ᠡᠨᠡ ᠵᠢᠯ ᠠᠴᠠ ᠨᠠᠭᠠᠰᠢ᠂ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ︽ | ᠵᠠᠬᠢᠶᠠᠯᠠᠬᠤ ᠬᠡᠯᠪᠡᠷᠢ︾ ᠶᠢᠨ ᠲᠠᠭᠠᠭᠠᠴᠢᠯᠠᠨ ᠬᠤᠯᠪᠤᠭᠠᠯᠠᠵᠦ ᠬᠠᠪᠰᠤᠷᠤᠨ ᠲᠡᠳᠬᠦᠬᠦ ᠠᠵᠢᠯᠯᠠᠭ᠎ᠠ ᠶᠢ ᠰᠢᠨ᠎ᠡ ᠪᠠᠷ | ᠦᠷᠨᠢᠬᠦᠯᠵᠦ᠂ ᠠᠵᠦ ᠠᠬᠤᠶᠢᠯᠠᠯ ᠪᠤᠳᠠᠳᠠᠢ ᠬᠡᠷᠡᠭᠴᠡᠭᠡ ᠪᠠᠨ ᠦᠨᠳᠦᠰᠦᠯᠡᠨ ᠵᠣᠯᠭᠠᠭᠤᠯᠬᠤ ᠴᠢᠬᠤᠯᠠᠲᠠᠶ ᠬᠤᠰᠢᠭᠤᠨ | ᠲᠠᠰ ᠤᠨ ᠤᠳᠤᠷᠢᠳᠤᠯᠭ᠎ᠠ ᠪᠠ ᠠᠵᠢᠯ ᠲᠥᠷᠥᠯ ᠤᠨ ᠰᠠᠯᠠᠭ᠎ᠠ ᠮᠥᠴᠢᠷ ᠢ ᠥᠪᠡᠰᠦᠪᠡᠨ ᠰᠣᠩᠭᠤᠵᠤ᠂ | ᠦᠩᠭᠡᠷᠡᠭᠰᠡᠨ ᠤ ᠵᠠᠰᠠᠭ ᠤᠨ ᠤᠷᠳᠤᠨ ᠤ ᠰᠠᠯᠠᠭ᠎ᠠ ᠮᠦᠴᠢᠷ ᠠᠵᠦ ᠠᠬᠤᠶᠢᠯᠠᠯ ᠤᠨ ᠬᠦᠰᠡᠯ ᠱᠠᠭᠠᠷᠳᠠᠯᠭ᠎ᠠ ᠶᠢ | ᠬᠤᠷᠢᠶᠠᠨ ᠴᠤᠭᠯᠠᠭᠤᠯᠵᠦ ᠲᠠᠬᠢᠨ ᠨᠢᠭᠡᠳᠦᠯᠳᠡᠢ ᠲᠦᠯᠦᠪᠯᠡᠨ ᠰᠶᠢᠳᠪᠦᠷᠢᠯᠡᠬᠦ ᠠᠵᠢᠯ ᠤᠨ ᠠᠷᠭ᠎ᠠ ᠮᠠᠶ᠋ᠢᠭ ᠢᠶᠠᠨ | ᠬᠤᠪᠢᠷᠠᠭᠤᠯᠤᠬᠰᠡᠨ ᠠᠴᠠ ᠠᠵᠦ ᠠᠬᠤᠶᠢᠯᠠᠯ ᠴᠤ ᠠᠰᠠᠭᠤᠳᠠᠯ ᠢᠶᠠᠨ ᠰᠢᠭᠤᠳ ᠮᠡᠳᠡᠬᠦᠯᠵᠦ ᠰᠢᠯᠢᠳᠡᠭ ᠦᠢᠯᠡᠴᠢᠯᠡᠭᠡ | ᠬᠦᠷᠳᠡᠵᠦ ᠲᠡᠶᠢᠯᠬᠦ ᠪᠤᠯᠵᠠᠢ᠃ | ︽ᠵᠠᠬᠢᠶᠠᠯᠠᠬᠤ ᠬᠡᠯᠪᠡᠷᠢ︾ ᠶᠢᠨ ᠲᠠᠭᠠᠭᠠᠴᠢᠯᠠᠨ ᠬᠤᠯᠪᠤᠭᠠᠯᠠᠵᠦ ᠬᠠᠪᠰᠤᠷᠤᠨ ᠲᠡᠳᠬᠦᠬᠦ ᠠᠵᠢᠯᠯᠠᠭ᠎ᠠ ᠶᠢ | ᠶᠠᠪᠤᠭᠳᠠᠭᠤᠯᠤᠭᠰᠠᠨ ᠠᠴᠠ ᠨᠠᠭᠠᠰᠢ᠂ ᠡᠮᠦᠨᠡᠳᠦ ᠬᠤᠰᠢᠭᠤᠨ ᠤ ᠡᠯ᠎ᠡ ᠱᠠᠲᠤᠨ ᠤ ᠤᠳᠤᠷᠢᠳᠤᠯᠭ᠎ᠠ ᠳᠡᠭᠡᠳᠦ | ᠬᠡᠮᠵᠢᠶ᠎ᠡ ᠪᠠᠷ ᠴᠢᠬᠤᠯᠠᠴᠢᠯᠠᠨ᠂ ᠠᠵᠤ ᠠᠬᠤᠶᠢᠯᠠᠯ ᠢᠶᠠᠷ ᠭᠦᠨᠵᠡᠭᠡᠶᠢᠷᠡᠨ ᠰᠢᠨᠵᠢᠯᠡᠨ ᠪᠠᠶᠢᠴᠠᠭᠠᠯᠳᠠ ᠬᠢᠵᠦ᠂ ᠠᠵᠤ | ᠠᠬᠤᠶᠢᠯᠠᠯ ᠤᠨ ᠬᠥᠭᠵᠢᠯᠲᠡ ᠶᠢᠨ ᠳᠤᠮᠳᠠᠬᠢ ᠬᠦᠴᠢᠷ ᠠᠰᠠᠭᠤᠳᠠᠯ ᠢ ᠤᠶᠢᠯᠠᠭᠠᠪᠠ᠃ ᠬᠠᠪᠰᠤᠷᠤᠨ ᠲᠡᠳᠬᠦᠬᠦ | ᠪᠦᠯᠬᠦᠮ ᠠᠴᠠ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠳᠤ ᠴᠢᠭᠯᠡᠭᠦᠯᠦᠨ ᠲᠠᠩᠰᠠ ᠪᠠᠶᠢᠭᠤᠯᠵᠤ᠂ ᠲᠥᠷᠥᠯ | ᠬᠤᠪᠢᠶᠠᠨ ᠡᠮᠬᠢᠯᠡᠵᠦ᠂ ᠨᠠᠷᠢᠯᠢᠭ ᠣᠨᠣᠴᠠᠲᠠᠶ ᠪᠠᠷ ᠠᠷᠭ᠎ᠠ ᠪᠣᠳᠣᠯᠭ᠎ᠠ ᠬᠡᠷᠡᠭᠵᠢᠬᠦᠯᠵᠡᠢ᠃ ᠣᠲᠣᠬᠠᠨ ᠪᠣᠯᠲᠠᠯ᠎ᠠ᠂ | ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ 143 ᠭᠤᠤᠯᠳᠠᠯᠭ᠎ᠠ ᠲᠠᠢ ᠠᠵᠤ ᠠᠬᠤᠶᠢᠯᠠᠯ ᠢᠶᠠᠷ | ᠬᠦᠨᠵᠡᠭᠡᠶᠢᠷᠡᠵᠦ ᠪᠠᠶᠢᠳᠠᠯ ᠢ ᠤᠶᠢᠯᠠᠭᠠᠭᠰᠠᠨ ᠪᠠᠶᠢᠨ᠎ᠠ᠃ | ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠵᠤ ᠦᠢᠯᠡᠳᠪᠦᠷᠢ ᠶᠢᠨ ᠬᠦᠷᠢᠶᠡᠯᠡᠩ | ᠲᠣᠭᠤᠷᠢᠭ ᠲᠤ᠂ ᠦᠪᠦᠷ ᠮᠤᠩᠭᠤᠯ ᠤᠨ ᠱᠤ᠋ ᠬᠠ ᠬᠠ ᠢᠳᠡᠭᠡᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠬᠢᠵᠠᠭᠠᠷᠲᠤ ᠺᠣᠮᠫᠠᠨᠢ ᠶᠢᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠠᠭ ᠢᠳᠡ ᠬᠥᠭ ᠲᠠᠢ ᠶᠠᠪᠤᠭᠳᠠᠵᠦ | ᠪᠠᠶᠢᠯ᠎ᠠ᠃ ᠲᠤᠰ ᠺᠣᠮᠫᠠᠨᠢ ᠨᠢᠭᠡᠨᠲᠡ 6000 ᠭᠠᠷᠤᠶ ᠲᠦᠮᠡᠨ ᠲᠥᠭᠦᠷᠢᠭ ᠤᠨ ᠲᠣᠭᠲᠠᠮᠠᠯ ᠬᠥᠷᠥᠩᠭᠡ ᠶᠢᠨ ᠪᠠᠯᠠ | ᠣᠷᠣᠭᠤᠯᠤᠯᠲᠠ ᠶᠢ ᠪᠡᠶᠡᠯᠡᠭᠦᠯᠵᠦ᠂ ᠵᠢᠱᠢᠯᠳᠡ ᠪᠠᠷ ᠦᠢᠯᠡᠳᠪᠦᠷᠢᠯᠡᠯ ᠤᠨ ᠱᠤᠭᠤᠮ ᠢ ᠡᠨᠡ ᠵᠢᠯ ᠤᠨ 6 ᠰᠠᠷ᠎ᠠ ᠳᠤ | ᠠᠰᠢᠭᠯᠠᠯᠲᠠ ᠳᠤ ᠤᠷᠤᠬᠤ ᠪᠤᠯᠤᠨ᠎ᠠ᠃ | ︽ᠵᠠᠰᠠᠭ ᠤᠨ ᠤᠷᠳᠤᠨ ᠤ ︿ᠵᠠᠬᠢᠶᠠᠯᠠᠬᠤ ᠬᠡᠯᠪᠡᠷᠢ﹀ ᠶᠢᠨ ᠲᠠᠭᠠᠭᠠᠴᠢᠯᠠᠨ ᠬᠤᠯᠪᠤᠭᠠᠯᠠᠵᠦ ᠬᠠᠪᠰᠤᠷᠤᠨ | ᠲᠡᠳᠬᠦᠬᠦ ᠲᠦᠷᠦ ᠶᠢᠨ ᠪᠤᠳᠤᠯᠭ᠎ᠠ ᠶᠢᠨ ᠰᠠᠶᠢᠨ ᠢᠶᠠᠷ ᠠᠵᠤ ᠠᠬᠤᠶᠢᠯᠠᠯ ᠤᠨ ᠪᠡᠯᠡ ᠮᠦᠩᠬᠦ ᠶᠢᠨ ᠬᠦᠴᠢᠷᠳᠡᠯ ᠢᠶᠠᠨ | ᠰᠶᠢᠳᠪᠦᠷᠢᠯᠡᠵᠡᠢ᠂ ᠪᠠᠩᠬᠢ ᠠᠴᠠ ᠮᠠᠨ ᠤ ᠠᠵᠦ ᠠᠬᠤᠶᠢᠯᠠᠯ ᠤᠨ ᠪᠠᠶᠢᠳᠠᠯ ᠢ ᠦᠨᠳᠦᠰᠦᠯᠡᠨ ᠲᠤᠰᠬᠠᠢ ᠵᠢᠭᠡᠯᠡᠯᠭᠡ ᠶᠢᠨ | ᠮᠦᠩᠬᠦ ᠦᠭᠴᠡᠢ︾ ᠭᠡᠵᠦ ᠦᠪᠦᠷ ᠮᠤᠩᠭᠤᠯ ᠤᠨ ᠱᠤ᠋ ᠬᠠ ᠬᠠ ᠢᠳᠡᠭᠡᠨ ᠤ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠳᠠᠨ ᠴᠧᠨ ᠰᠢ ᠵᠢᠶᠦ᠋ᠨ ᠬᠡᠯᠡᠨ᠎ᠡ᠃ | ᠡᠨᠡ ᠮᠡᠳᠦ ᠪᠠᠷ ᠡᠮᠦᠨᠡᠳᠦ ᠬᠤᠰᠢᠭᠤ ᠾᠧᠩ ᠵᠢᠶᠠ ᠵᠢᠮᠢᠰ ᠤᠨ ᠦᠢᠯᠡᠰ ᠵᠡᠷᠭᠡ ᠲᠠᠷᠢᠶᠠᠯᠠᠩ ᠤᠨ | ᠪᠦᠳᠦᠭᠡᠭᠳᠡᠬᠦᠨ ᠢ ᠪᠤᠯᠪᠠᠰᠤᠷᠠᠭᠤᠯᠬᠤ ᠠᠵᠦ ᠠᠬᠤᠶᠢᠯᠠᠯ ᠳᠤ ᠲᠦᠷᠦ ᠶᠢᠨ ᠪᠤᠳᠤᠯᠭ᠎ᠠ ᠶᠢᠨ ᠲᠡᠮᠵᠢᠯᠭᠡ ᠬᠠᠩᠭᠠᠵᠦ᠂ | ᠨᠠᠷᠢᠯᠢᠭ ᠪᠤᠯᠪᠠᠰᠤᠷᠠᠭᠤᠯᠬᠤ ᠮᠡᠷᠭᠡᠵᠢᠯ ᠢ ᠰᠤᠳᠤᠯᠤᠨ ᠨᠡᠭᠡᠭᠡᠬᠦ ᠵᠡᠷᠭᠡ ᠬᠠᠮᠲᠤᠷᠠᠯᠴᠠᠭ᠎ᠠ ᠶᠢ ᠥᠷᠨᠢᠭᠦᠯᠵᠦ᠂ ᠠᠵᠤ | ᠠᠬᠤᠶᠢᠯᠠᠯ ᠤᠨ ᠮᠡᠷᠭᠡᠵᠢᠯ ᠤᠨ ᠰᠢᠨᠡᠴᠢᠯᠡᠯᠳᠡ᠂ ᠲᠤᠨᠤᠭ ᠲᠥᠬᠦᠭᠡᠷᠦᠮᠵᠢ ᠶᠢ ᠰᠢᠨᠡᠳᠭᠡᠬᠦ ᠵᠡᠷᠭᠡ ᠪᠡᠯᠡ ᠮᠥᠩᠭᠦᠨ ᠤ | ᠳᠠᠷᠤᠯᠲᠠ ᠶᠢ ᠬᠦᠩᠭᠡᠷᠡᠬᠦᠯᠪᠡ᠃ ᠥᠪᠥᠷ ᠮᠣᠩᠭᠤᠯ ᠤᠨ ᠠᠲᠠᠷ ᠬᠠᠭᠠᠯᠪᠤᠷᠢᠯᠠᠯᠲᠠ ᠵᠡᠷᠭᠡ ᠠᠵᠤ ᠠᠬᠤᠶᠢᠯᠠᠯ ᠳᠤ | ᠡᠯᠧᠮᠧᠨ᠋ᠲ ᠶᠢᠨ ᠪᠠᠳᠤᠯᠠᠭ᠎ᠠ ᠬᠠᠩᠭᠠᠵᠦ᠂ 1500 ᠲᠦᠮᠡᠨ ᠲᠥᠭᠦᠷᠢᠭ ᠤᠨ ᠵᠢᠭᠡᠯᠡᠯᠭᠡ ᠲᠠᠯᠪᠢᠪᠠ᠃ | ᠡᠮᠦᠨᠡᠲᠦ ᠬᠤᠰᠢᠭᠤᠨ ᠤ 2025 ᠣᠨ ᠤ 2 ᠰᠠᠷ᠎ᠠ ᠳᠤ ᠡᠬᠢᠯᠡᠭᠦᠯᠦᠭᠰᠡᠨ ︽ᠠᠵᠤ ᠠᠬᠤᠶᠢᠯᠠᠯ ᠢ | ᠲᠤᠰᠠᠯᠠᠬᠤ ᠠᠵᠢᠯᠯᠠᠭ᠎ᠠ︾ ᠨᠢ 8 ᠲᠠᠯ᠎ᠠ ᠶᠢᠨ ᠲᠤᠭᠤᠷᠢᠨ ᠳᠤ 52 ᠵᠦᠢᠯ ᠤᠨ ᠠᠷᠭ᠎ᠠ ᠬᠡᠮᠵᠢᠶ᠎ᠡ ᠶᠢ ᠪᠠᠭᠳᠠᠭᠠᠭᠰᠠᠨ | ᠡᠬᠦᠷᠭᠡ ᠶᠢᠨ ᠨᠠᠷᠢᠨ ᠲᠠᠩᠰᠠ ᠶᠢ ᠪᠦᠷᠢᠯᠳᠦᠬᠦᠯᠵᠦ᠂ 102 ᠵᠦᠢᠯ ᠤᠨ ᠪᠣᠳᠠᠲᠠᠶ ᠠᠷᠭ᠎ᠠ ᠬᠡᠮᠵᠢᠶ᠎ᠡ ᠭᠠᠷᠭᠠᠵᠤ᠂ | ᠠᠵᠤ ᠠᠬᠤᠶᠢᠯᠠᠯ ᠤᠨ ᠬᠦᠷᠢᠶ᠎ᠡ ᠠᠯᠤᠰᠯᠠᠭᠰᠠᠨ ᠮᠡᠷᠭᠡᠵᠢᠯ ᠤᠨ ᠬᠦᠴᠢᠷ ᠠᠰᠠᠭᠤᠳᠠᠯ ᠪᠠ ᠣᠯᠠᠨ ᠰᠠᠯᠠᠭ᠎ᠠ ᠮᠥᠴᠢᠷ | ᠬᠠᠮᠵᠢᠯᠴᠠᠨ ᠬᠢᠨᠠᠨ ᠵᠥᠪᠰᠢᠶᠡᠷᠡᠬᠦ ᠵᠡᠷᠭᠡ ᠪᠤᠳᠤᠯᠢᠶᠠᠨᠲᠠᠶ ᠠᠰᠠᠭᠤᠳᠠᠯ ᠢ ᠪᠦᠲᠦᠮᠵᠢᠲᠡᠶ ᠰᠶᠢᠳᠪᠦᠷᠢᠯᠡᠵᠡᠢ᠃ ︵ᠰᠦᠨ | ᠰᠢᠨ ᠢᠤᠢ︶ |