| ᠠᠵᠢᠯᠯᠠᠵᠤ ᠠᠮᠠᠷᠠᠬᠤ ᠶᠢ ᠤᠶᠠᠯᠳᠤᠭᠤᠯᠵᠤ᠂ ᠡᠳᠤᠷ ᠪᠦᠷᠢ 7 ᠊᠊᠊᠊᠊᠊᠊᠊᠊᠊᠊᠊᠊᠊ 8 ᠴᠠᠭ ᠤᠨ ᠨᠦᠢᠷ ᠢ | ᠪᠠᠳᠤᠯᠠᠪᠡᠯ ᠵᠤᠬᠢᠨ᠎ᠠ᠃ ᠢᠳᠡᠬᠦ᠂ ᠰᠤᠷᠤᠯᠴᠠᠬᠤ᠂ ᠠᠵᠢᠯᠯᠠᠬᠤ᠂ ᠪᠤᠯᠪᠠᠰᠤᠷᠠᠬᠤ᠂ ᠨᠠᠶᠢᠷᠠᠯᠳᠤᠬᠤ᠂ ᠤᠨᠳᠠᠬᠤ ᠵᠡᠷᠬᠡ | ᠬᠦᠮᠤᠨ ᠤ ᠠᠯᠢᠪᠠ ᠠᠵᠢᠯᠯᠠᠭ᠎ᠠ ᠨᠢ ᠪᠦᠷ ᠶᠡᠭᠡ ᠲᠡᠷᠢᠬᠢᠨ ᠤ ᠵᠠᠬᠢᠷᠤᠯᠭ᠎ᠠ ᠳᠤᠤᠷ᠎ᠠ ᠪᠡᠶᠡᠯᠡᠭᠳᠡᠳᠡᠭ ᠶᠤᠮ᠃ ᠤᠳᠠᠭ᠎ᠠ | ᠪᠦᠷᠢ ᠶᠢᠨ ᠠᠵᠢᠯᠯᠠᠭ᠎ᠠ ᠨᠢ ᠪᠦᠷ ᠶᠡᠭᠡ ᠲᠡᠷᠢᠬᠢᠨ ᠤ ᠰᠠᠭᠤᠭᠳᠠᠯ ᠦᠯᠡᠳᠡᠬᠡᠳᠡᠭ ᠪᠦᠬᠡᠳ ᠤᠳᠠᠭᠠᠨ ᠳᠠᠭᠠᠨ ᠵᠤᠬᠢᠬᠤ | ᠠᠮᠢᠳᠤᠷᠠᠯ ᠤᠨ ᠵᠢᠮ᠎ᠠ ᠶᠤᠰᠤ ᠪᠤᠯᠤᠨ ᠪᠦᠷᠢᠯᠳᠤᠨ᠎ᠠ᠃ ᠡᠨᠡ ᠬᠦ ᠵᠢᠮ᠎ᠠ ᠶᠤᠰᠤ ᠶᠢ ᠵᠦᠷᠢᠴᠠᠪᠠᠯ᠂ ᠶᠡᠭᠡ ᠲᠡᠷᠢᠬᠢ | ᠪᠤᠯᠤᠨ ᠪᠠᠶ᠎ᠠ ᠮᠠᠬᠠᠪᠤᠳ ᠤᠨ ᠪᠤᠰᠤᠳ ᠡᠷᠬᠡᠳᠡᠨ ᠲᠠᠷᠤᠢ ᠪᠠᠴᠢᠮ ᠪᠠᠶᠢᠳᠠᠯ ᠳᠤ ᠤᠷᠤᠳᠠᠭ᠃ ᠡᠶᠢᠮᠤᠷᠬᠦᠤ ᠪᠠᠴᠢᠮ | ᠪᠠᠶᠢᠳᠠᠯ ᠨᠢ ᠡᠪᠡᠳᠴᠢᠨ ᠡᠮᠬᠡᠭ ᠡᠬᠦᠰᠬᠡᠬᠦ ᠪᠠ ᠦᠳᠡᠯᠬᠦ ᠶᠢ ᠬᠤᠷᠳᠤᠳᠬᠠᠬᠤ ᠴᠢᠬᠤᠯᠠ ᠰᠢᠯᠳᠠᠭᠠᠨ ᠤ ᠨᠢᠬᠡ | ᠪᠤᠯᠤᠨ᠎ᠠ᠃ | ︵1︶ ᠰᠤᠷᠤᠯᠴᠠᠵᠤ ᠠᠵᠢᠯᠯᠠᠬᠤ ᠰᠠᠶᠢᠨ ᠲᠠᠳᠬᠠᠯ ᠢ ᠪᠤᠢ ᠪᠤᠯᠭᠠᠬᠤ ᠬᠡᠷᠡᠭᠳᠡᠢ᠃ ᠶᠡᠭᠡ ᠲᠡᠷᠢᠬᠢ᠂ | ᠪᠤᠯᠴᠢᠩ ᠨᠢ ᠨᠢᠬᠡ ᠦᠶ᠎ᠠ ᠠᠵᠢᠯᠯᠠᠪᠠᠯ ᠶᠠᠳᠠᠷᠠᠨ᠎ᠠ᠂ ᠲᠡᠬᠡᠪᠡᠯ ᠰᠤᠷᠤᠯᠴᠠᠬᠤ᠂ ᠠᠵᠢᠯᠯᠠᠬᠤ ᠦᠷ᠎ᠠ ᠪᠦᠳᠤᠮᠵᠢ ᠨᠢ | ᠪᠠᠭᠤᠷᠠᠳᠠᠭ︔ ᠪᠤᠯᠴᠢᠩ ᠶᠠᠳᠠᠷᠠᠪᠠᠯ ᠠᠮᠠᠷᠬᠠᠨ ᠡ᠊ᠨᠳᠡᠯ ᠪᠤᠶᠤ ᠠᠯᠳᠠᠭ᠎ᠠ ᠭᠠᠷᠭᠠᠬᠤ ᠪᠤᠯᠤᠨ᠎ᠠ᠃ ᠠᠵᠢᠯᠯᠠᠬᠤ | ᠠᠮᠠᠷᠠᠬᠤ ᠶᠢ ᠤᠶᠠᠯᠳᠤᠭᠤᠯᠬᠤ ᠪᠠᠨ ᠠᠩᠬᠠᠷᠴᠤ᠂ ᠠᠶᠢᠵᠠᠮ ᠢ ᠨᠢ ᠵᠤᠬᠢᠴᠠᠭᠤᠯᠬᠤ ᠪᠤᠯ ᠡᠷᠡᠬᠦᠯ ᠮᠠᠨᠳᠤ ᠶᠢᠨ | ᠱᠠᠭᠠᠷᠳᠠᠯᠭ᠎ᠠ ᠪᠤᠯᠬᠤ ᠪᠠᠷ ᠪᠠᠷᠠᠬᠤ ᠦᠬᠡᠢ᠂ ᠮᠦᠨ ᠴᠤ ᠠᠵᠢᠯ ᠰᠤᠷᠤᠯᠴᠠᠯᠭ᠎ᠠ ᠶᠢᠨ ᠦᠷ᠎ᠠ ᠪᠦᠳᠤᠮᠵᠢ ᠶᠢ | ᠲᠡᠬᠡᠭᠰᠢᠯᠡᠬᠦᠯᠬᠦ ᠶᠢᠨ ᠱᠠᠭᠠᠷᠳᠠᠯᠭ᠎ᠠ ᠪᠤᠯᠤᠨ᠎ᠠ᠃ | ︵2︶ ᠦᠷᠬᠦᠯᠵᠢ ᠤᠷᠠᠨ ᠰᠠᠶᠢᠠᠬᠨ᠂ ᠪᠠᠶ᠎ᠠ ᠶᠢᠨ ᠲᠠᠮᠢᠷ ᠤᠨ ᠬᠦᠳᠡᠯᠬᠡᠬᠡᠨ ᠳᠤ ᠤᠷᠤᠯᠴᠠᠬᠤ ᠵᠠᠩ | ᠲᠠᠳᠬᠠᠯ ᠢ ᠪᠤᠢ ᠪᠤᠯᠭᠠᠬᠤ ᠬᠡᠷᠡᠭᠳᠡᠢ᠃ ᠪᠠᠶ᠎ᠠ ᠶᠢᠨ ᠲᠠᠮᠢᠷ ᠤᠨ ᠪᠤᠯᠪᠠᠰᠤᠷᠠᠯ ᠪᠠ ᠨᠠᠶᠢᠷ ᠨᠠᠭᠠᠳᠤᠮ ᠳᠤ | ᠤᠷᠤᠯᠴᠠᠬᠤ ᠨᠢ ᠪᠠᠶ᠎ᠠ ᠮᠠᠬᠠᠪᠤᠳ ᠤᠨ ᠡᠷᠡᠬᠦᠯ ᠮᠠᠨᠳᠤ᠂ ᠰᠡᠳᠬᠢᠴᠠ ᠶᠢᠨ ᠡᠷᠡᠬᠦᠯᠵᠢᠯ ᠢ ᠬᠠᠮᠠᠭᠠᠯᠠᠬᠤ ᠪᠠ | ᠨᠡᠶᠢᠬᠡᠮ ᠳᠤ ᠵᠤᠬᠢᠴᠠᠬᠤ ᠴᠢᠳᠠᠪᠤᠷᠢ ᠪᠠᠨ ᠲᠡᠬᠡᠭᠰᠢᠯᠡᠬᠦᠯᠬᠦ ᠳᠤ ᠪᠦᠷ ᠰᠠᠶᠢᠨ ᠪᠠᠶᠢᠳᠠᠭ᠃ ᠤᠷᠠᠨ ᠰᠠᠶᠢᠬᠠᠨ᠂ | ᠪᠠᠶ᠎ᠠ ᠶᠢᠨ ᠲᠠᠮᠢᠷ ᠤᠨ ᠬᠦᠳᠡᠯᠬᠡᠬᠡᠨ ᠤ ᠬᠡᠯᠪᠡᠷᠢ ᠪᠡ ᠤᠳᠠᠭ᠎ᠠ ᠪᠦᠷᠢ ᠶᠢᠨ ᠬᠦᠳᠡᠯᠬᠡᠬᠡᠨ ᠤ ᠴᠠᠭ ᠢ ᠵᠠᠪᠠᠯ ᠦᠪᠡᠷ ᠤᠨ | ᠪᠠᠶ᠎ᠠ ᠶᠢᠨ ᠪᠠᠶᠢᠳᠠᠯ᠂ ᠤᠷᠮ᠎ᠠ ᠰᠤᠨᠢᠷᠬᠠᠯ ᠲᠠᠢ ᠪᠠᠨ ᠵᠤᠬᠢᠴᠠᠭᠤᠯᠬᠤ ᠬᠡᠷᠡᠭᠳᠡᠢ᠃ | ︵3︶ ᠤᠨᠳᠠᠬᠤ ᠲᠠᠳᠬᠠᠯ ᠢᠶᠠᠨ ᠰᠠᠶᠢᠨ ᠪᠤᠯᠭᠠᠬᠤ ᠬᠡᠷᠡᠭᠳᠡᠢ᠃ ᠵᠢᠮ᠎ᠠ ᠶᠤᠰᠤ ᠲᠠᠢ ᠤᠨᠳᠠᠬᠤ ᠪᠤᠯ | ᠨᠦᠢᠷ ᠤᠨ ᠴᠢᠨᠠᠷ ᠢ ᠪᠠᠳᠤᠯᠠᠵᠤ᠂ ᠡᠷᠡᠬᠦᠯ ᠮᠠᠨᠳᠤ ᠶᠢ ᠬᠠᠮᠠᠭᠠᠯᠠᠬᠤ ᠳᠤ ᠳᠤᠩ ᠠᠰᠢᠬᠳᠠᠢ ᠪᠠᠶᠢᠳᠠᠭ᠃ ᠤᠨᠳᠠᠬᠤ | ᠴᠠᠭ ᠢ ᠡᠷᠬᠡᠪᠰᠢ ᠨᠠᠰᠤ ᠪᠠ ᠬᠤᠪᠢ ᠬᠦᠮᠤᠨ ᠤ ᠪᠠᠶ᠎ᠠ ᠶᠢᠨ ᠤᠨᠴᠠᠯᠢᠬ ᠢᠶᠠᠨ ᠦᠨᠳᠤᠰᠤᠯᠠᠵᠤ ᠳᠤᠭᠳᠠᠭᠠᠬᠤ ᠬᠡᠷᠡᠭᠳᠡᠢ | ᠃ ᠶᠠᠷᠤ ᠳᠡᠭᠡᠨ ᠨᠠᠰᠤᠨ ᠳᠤ ᠬᠦᠷᠦᠭᠰᠡᠳ ᠡᠳᠤᠷ ᠪᠦᠷᠢ 7 ᠊᠊᠊᠊᠊᠊᠊᠊᠊᠊᠊᠊᠊᠊᠊᠊ 8 ᠴᠠᠭ ᠤᠨᠳᠠᠬᠤ ᠴᠢᠬᠤᠯᠠᠳᠠᠢ᠃ | ᠤᠷᠤᠢ ᠶᠢᠨ 10 ᠴᠠᠭ ᠠᠴᠠ ᠡᠷᠳᠡ ᠶᠢᠨ 4 ᠴᠠᠭ ᠬᠦᠷᠳᠡᠯ᠎ᠠ᠂ ᠡᠨᠡ ᠬᠦ ᠬᠡᠰᠡᠭ ᠬᠤᠭᠤᠴᠠᠭᠠᠨ ᠤ ᠤᠨᠳᠠᠬᠤ | ᠴᠢᠨᠠᠷ ᠨᠢ ᠬᠠᠮᠤᠭ ᠤᠨ ᠰᠠᠶᠢᠨ ᠪᠠᠶᠢᠳᠠᠭ᠃ ᠤᠷᠤᠢ ᠶᠢᠨ 11 ᠴᠠᠭ ᠦᠩᠬᠡᠷᠡᠪᠡᠯ ᠬᠦᠮᠤᠨ ᠬᠠᠷᠢᠨ ᠬᠦᠬᠡᠷᠴᠤ᠂ | ᠨᠡᠩ ᠤᠨᠳᠠᠵᠤ ᠲᠠᠶᠢᠯᠬᠦ ᠦᠬᠡᠢ ᠪᠤᠯᠳᠠᠭ᠃ ᠡᠷᠳᠡ ᠶᠢᠨ 2᠂ 3 ᠴᠠᠭ ᠪᠤᠯ ᠰᠦᠨᠢᠵᠢᠨ ᠰᠠᠭᠤᠬᠤ ᠬᠦᠮᠤᠨ ᠳᠤ | ᠬᠠᠮᠤᠭ ᠤᠨ ᠨᠦᠢᠷ ᠬᠦᠷᠬᠦ ᠴᠠᠭ ᠪᠤᠯᠤᠨ᠎ᠠ᠃ ᠬᠠᠷᠢᠨ ᠬᠡᠬᠡᠷᠡᠭᠰᠡᠡ ᠤ ᠲᠠᠷᠠᠭ᠎ᠠ᠂ ᠬᠦᠮᠤᠨ ᠰᠡᠷᠬᠡᠭ ᠤᠨᠳᠠᠬᠤ | ᠬᠤᠭᠤᠴᠠᠭᠠᠨ ᠳᠤ ᠤᠷᠤᠳᠠᠭ ᠪᠦᠬᠡᠳ ᠤᠨᠳᠠᠯᠭ᠎ᠠ ᠶᠢᠨ ᠴᠢᠨᠠᠷ ᠨᠢ ᠰᠠᠶᠢᠨ ᠪᠢᠰᠢ᠃ ᠵᠠᠷᠢᠮ ᠬᠦᠮᠤᠨ ᠰᠡᠷᠢᠭᠡᠳ | ᠲᠠᠬᠢᠵᠤ ᠤᠨᠳᠠᠬᠤ ᠳᠤᠷᠠᠳᠠᠢ ᠪᠠᠶᠢᠳᠠᠭ᠂ ᠦᠨᠡᠨ ᠳᠡᠭᠡᠨ ᠡᠨᠡ ᠦᠶ᠎ᠠ ᠳᠤ ᠭᠤᠤᠯᠳᠠᠭᠤ ᠰᠡᠷᠬᠡᠭ ᠤᠨᠳᠠᠭᠰᠠᠠ ᠢᠶᠠᠨ | ᠨᠦᠬᠦᠪᠤᠷᠢᠯᠠᠵᠤ ᠪᠠᠶᠢᠬᠤ ᠳᠤᠯᠠ ᠦᠷ᠎ᠠ ᠳ᠋ᠦᠩ ᠨᠢ ᠡᠷᠳᠡ ᠤᠨᠳᠠᠵᠤ ᠡᠷᠳᠡ ᠪᠤᠰᠬᠤ ᠪᠦᠬᠡ ᠤᠨᠳᠠᠬᠤ ᠶᠢ ᠬᠦᠷᠬᠦ | ᠦᠬᠡᠢ ᠪᠢᠯᠠ᠃ ᠨᠦᠢᠷ ᠬᠠᠨᠤᠬᠤ ᠦᠬᠡᠢ ᠨᠢ ᠬᠦᠮᠤᠨ ᠤ ᠠᠩᠬᠠᠷᠤᠯ ᠪᠠ ᠴᠡᠬᠡᠵᠢᠯᠡᠬᠦ ᠴᠢᠳᠠᠪᠤᠷᠢ ᠶᠢ | ᠳᠤᠷᠤᠭᠰᠢᠯᠠᠭᠤᠯᠬᠤ ᠮᠦᠷᠳᠡᠬᠡᠨ ᠪᠠᠰᠠ ᠰᠢᠨ᠎ᠠ ᠬᠠᠭᠤᠴᠢᠨ ᠤ ᠰᠤᠯᠢᠯᠴᠠᠭ᠎ᠠ ᠶᠢ ᠬᠠᠷᠰᠢᠯᠠᠵᠤ᠂ ᠦᠳᠡᠯᠬᠦ ᠶᠢ | ᠲᠦᠷᠬᠡᠳᠬᠡᠨ᠎ᠠ᠃ ᠬᠡᠳᠤᠷᠬᠡᠢ ᠤᠳᠠᠭᠠᠨ ᠤᠨᠳᠠᠪᠡᠯ ᠬᠦᠮᠤᠨ ᠤ ᠪᠠᠶ᠎ᠠ ᠳᠤ ᠠᠰᠢᠬ ᠦᠬᠡᠢ᠂ ᠲᠠᠷᠠ ᠨᠢ ᠲᠦᠪ | ᠮᠡᠳᠡᠷᠡᠯ ᠤᠨ ᠰᠢᠰᠲ᠋ᠧᠮ ᠢ ᠤᠷᠳᠤ ᠬᠤᠭᠤᠴᠠᠭ᠎ᠠ ᠪᠠᠷ ᠬᠤᠷᠢᠬᠯᠠᠭᠳᠠᠬᠤ ᠪᠠᠶᠢᠳᠠᠯ ᠳᠤ ᠤᠷᠤᠭᠤᠯᠵᠤ᠂ ᠪᠤᠰᠤᠭᠰᠠᠠ ᠤ | ᠲᠠᠷᠠᠭ᠎ᠠ ᠬᠦᠴᠤ ᠲᠠᠮᠢᠷ ᠦᠬᠡᠢ᠂ ᠳᠤᠯᠤᠭᠠᠢ ᠡᠷᠬᠢᠬᠦ ᠲᠦᠷᠦᠭᠳᠡᠯ ᠲᠠᠢ ᠪᠤᠯᠭᠠᠳᠠᠭ᠃ ᠤᠨᠳᠠᠬᠤ ᠴᠠᠭ ᠨᠢ ᠬᠡᠳᠤ | ᠤᠷᠳᠤ ᠪᠤᠯᠪᠠᠯ ᠪᠠᠰᠠ ᠠᠮᠢᠰᠬᠤᠯ ᠤᠳᠠᠭᠠᠰᠢᠷᠠᠵᠤ᠂ ᠬᠦᠴᠢᠯᠳᠦ᠋ᠷᠦᠭᠴᠢ ᠰᠤᠷᠤᠬᠤ ᠨᠢ ᠪᠠᠭᠠᠰᠬᠤ᠂ ᠵᠢᠷᠤᠬᠡ | ᠠᠭᠤᠰᠬᠢ ᠪᠤᠯᠤᠨ ᠴᠢᠰᠤᠨ ᠡᠷᠬᠢᠯᠳᠠ ᠶᠢᠨ ᠲᠠᠷᠤᠭᠠᠰᠤ ᠬᠦᠨᠳᠤᠷᠠᠵᠤ᠂ ᠵᠢᠷᠤᠬᠡᠨ ᠡᠪᠡᠳᠴᠢᠨ ᠪᠠ ᠲᠠᠷᠢᠬᠢᠨ ᠤ | ᠴᠢᠰᠤᠨ ᠰᠤᠳᠠᠯ ᠪᠦᠭᠯᠡᠷᠡᠬᠦ ᠠᠶᠤᠯᠳᠠᠢ ᠪᠠᠶᠢᠳᠠᠭ᠃ | |