ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠰᠢᠨ᠎ᠡ ᠬᠠᠭᠤᠳᠠᠰᠤ ᠶᠢ ᠪᠢᠴᠢᠭᠯᠡᠨ᠎ᠡ
ᠨᠡᠶᠢᠲᠡᠯᠡᠭᠰᠡᠨ ᠴᠠᠭ᠄
2025/5/6
    4 ᠰᠠᠷ᠎ᠠ ᠶᠢᠨ 28 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠶᠤᠸᠠᠢ ᠰᠥᠩ ᠱᠠᠨ ᠪᠦᠯᠬᠦᠮ ᠳᠠᠭᠠᠭᠤᠯᠤᠨ ᠪᠡᠭᠡᠵᠢᠩ ᠬᠤᠲᠠ ᠶᠢᠨ ᠬᠠᠶᠢᠳᠢᠶᠠᠨ ᠲᠣᠭᠤᠷᠢᠭ ᠤᠨ ᠱᠤ᠋ ᠭᠤᠸᠠᠩ ᠵᠡᠭᠡᠯᠢ ᠶᠢᠨ ᠱᠠᠩ ᠾᠧ ᠼᠦᠨ ᠨᠡᠶᠢᠭᠡᠮ ᠲᠣᠭᠤᠷᠢᠭ ᠪᠠ ᠰᠢᠤᠸᠠᠢ ᠶᠤᠸᠠᠨ ᠯᠤ᠋ ᠵᠡᠭᠡᠯᠢ ᠶᠢᠨ ᠱᠢ ᠶᠧᠦ ᠳ᠋ᠠ ᠶᠤᠸᠠᠨ ᠨᠡᠶᠢᠭᠡᠮ ᠲᠣᠭᠤᠷᠢᠭ ᠢᠶᠠᠷ ᠬᠦᠷᠴᠦ᠂ ᠶᠠᠷᠢᠯᠴᠠᠬᠤ ᠬᠤᠷᠠᠯ ᠪᠠ ᠪᠠᠶᠢᠴᠠᠭᠠᠨ ᠰᠤᠳᠤᠯᠤᠯᠲᠠ ᠶᠢᠨ ᠬᠡᠯᠪᠡᠷᠢ ᠪᠠᠷ ᠬᠤᠶᠠᠷ ᠭᠠᠵᠠᠷ ᠤᠨ ᠨᠡᠶᠢᠭᠡᠮ ᠲᠣᠭᠤᠷᠢᠭ ᠢ ᠬᠠᠮᠲᠤ ᠪᠠᠷ ᠪᠠᠶᠢᠭᠤᠯᠬᠤ ᠠᠵᠢᠯ ᠤᠨ ᠲᠤᠬᠠᠶ ᠰᠠᠨᠠᠯ ᠢᠶᠠᠨ ᠰᠣᠯᠢᠯᠴᠠᠪᠠ᠃ ᠡᠭᠦᠨ ᠤ ᠬᠠᠮᠲᠤ᠂ ᠰᠢᠤᠸᠠᠢ ᠶᠤᠸᠠᠨ ᠯᠤ᠋ ᠵᠡᠭᠡᠯᠢ ᠶᠢᠨ ᠱᠢ ᠶᠧᠦ ᠳ᠋ᠠ ᠶᠤᠸᠠᠨ ᠨᠡᠶᠢᠭᠡᠮ ᠲᠣᠭᠤᠷᠢᠭ ᠪᠣᠯᠤᠨ ᠬᠢᠩᠭᠠᠨ ᠪᠡᠭᠡᠵᠢᠩ ᠤᠨ ᠨᠡᠶᠢᠭᠡᠮ ᠲᠣᠭᠤᠷᠢᠭ ᠬᠠᠮᠲᠤᠪᠠᠷ ᠪᠠᠶᠢᠭᠤᠯᠬᠤ ᠬᠡᠯᠡᠯᠴᠡᠭᠡᠷ ᠲᠣᠭᠲᠠᠪᠠ᠃    ᠪᠡᠭᠡᠵᠢᠩ ᠬᠤᠳᠠ ᠶᠢᠨ ᠬᠠᠶᠢᠳᠢᠶᠠᠨ ᠲᠣᠭᠤᠷᠢᠭ ᠤᠨ ᠱᠤ᠋ ᠭᠤᠸᠠᠩ ᠵᠡᠭᠡᠯᠢ ᠶᠢᠨ ᠱᠠᠩ ᠾᠧ ᠼᠦᠨ ᠨᠡᠶᠢᠭᠡᠮ ᠲᠣᠭᠤᠷᠢᠭ ᠲᠤ᠂ ᠬᠤᠶᠠᠷ ᠲᠠᠯ᠎ᠠ ᠪᠠᠷ ᠢᠶᠠᠨ ᠬᠤᠶᠠᠷ ᠭᠠᠵᠠᠷ ᠤᠨ ᠨᠡᠶᠢᠭᠡᠮ ᠲᠣᠭᠤᠷᠢᠭ ᠢ ᠬᠠᠮᠲᠤᠪᠠᠷ ᠪᠠᠶᠢᠭᠤᠯᠤᠭᠰᠠᠨ ᠨᠢᠭᠡ ᠵᠢᠯ ᠤᠨ ᠲᠤᠷᠰᠢᠬᠢ ᠦᠷ᠎ᠡ ᠪᠦᠲᠦᠭᠡᠯ ᠤᠨ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠵᠠᠢ᠃ ᠳᠠᠷᠠᠭ᠎ᠠ ᠳᠤᠨᠢ᠂ ᠨᠢᠭᠡ ᠪᠦᠯᠦᠭ ᠬᠥᠮᠦᠰ ᠱᠠᠩ ᠾᠧ  ᠼᠦᠨ ᠨᠡᠶᠢᠭᠡᠮ ᠲᠣᠭᠤᠷᠢᠭ ᠢᠶᠠᠷ ᠬᠦᠷᠴᠦ ᠲᠤᠬᠠᠢ ᠶᠢᠨ ᠭᠠᠵᠠᠷ ᠲᠤᠨᠢ ᠲᠣᠭᠤᠷᠢᠨ ᠦᠵᠡᠵᠦ᠂ ᠨᠡᠶᠢᠭᠡᠮ ᠲᠣᠭᠤᠷᠢᠭ ᠤᠨ ᠬᠠᠷᠢᠭᠤᠴᠠᠯᠭᠠᠲᠠᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠳᠣᠣᠷᠠᠬᠢ ᠨᠡᠶᠢᠭᠡᠮ ᠲᠣᠭᠤᠷᠢᠭ ᠤᠨ ᠵᠠᠰᠠᠯᠳᠠ ᠶᠢᠨ ᠬᠤᠷᠰᠢᠬᠴᠢ ᠶᠢᠨ ᠲᠣᠭᠲᠠᠴᠠ ᠶᠢ ᠪᠠᠶᠢᠭᠤᠯᠤᠭᠰᠠᠨ ᠪᠠᠶᠢᠳᠠᠯ ᠤᠨ ᠲᠤᠬᠠᠢ ᠲᠠᠨᠢᠯᠴᠠᠭᠤᠯᠭ᠎ᠠ ᠶᠢ ᠰᠣᠨᠣᠰᠴᠠᠢ᠃ ᠣᠯᠠᠨ ᠢᠶᠠᠷ ᠢᠶᠠᠨ ᠶᠠᠷᠢᠯᠴᠠᠬᠤ ᠶᠢᠨ ᠳᠠᠭᠠᠤ ᠲᠤᠭᠤᠷᠢᠨ ᠦᠵᠡᠵᠦ᠂ ᠰᠤᠷᠤᠯᠴᠠᠬᠤ ᠶᠢᠨ ᠳᠠᠭᠠᠤ ᠶᠠᠷᠢᠯᠴᠠᠵᠤ᠂ ᠪᠡᠭᠡᠵᠢᠩ ᠬᠤᠲᠠ ᠶᠢᠨ ᠦᠨᠳᠦᠰᠦᠨ ᠱᠠᠲᠤᠨ ᠤ ᠵᠠᠰᠠᠯᠲᠠ ᠶᠢᠨ ᠠᠵᠢᠯ ᠤᠨ ᠲᠤᠬᠠᠶ ᠨᠠᠩ ᠭᠦᠨᠵᠡᠭᠡᠶ ᠲᠠᠨᠢᠯᠲᠠ ᠪᠠ ᠣᠶᠢᠯᠠᠭᠠᠯᠲᠠ ᠲᠠᠢ ᠪᠣᠯᠵᠠᠶ᠃    ᠰᠢᠤᠸᠠᠢ ᠶᠤᠸᠠᠨ ᠯᠤ᠋ ᠵᠡᠭᠡᠯᠢ ᠶᠢᠨ ᠱᠢ ᠶᠧᠦ ᠳ᠋ᠠ ᠶᠤᠸᠠᠨ ᠨᠡᠶᠢᠭᠡᠮ ᠲᠣᠭᠤᠷᠢᠭ ᠲᠤ᠂ ᠨᠡᠶᠢᠭᠡᠮ ᠲᠣᠭᠤᠷᠢᠭ ᠤᠨ ᠬᠠᠷᠢᠭᠤᠴᠠᠯᠭᠠᠲᠠᠨ ᠂ ᠨᠠᠮ ᠤᠨ ᠪᠠᠶᠢᠭᠤᠯᠤᠯᠲᠠ᠂ ᠰᠣᠶᠣᠯ᠂ ᠡᠴᠢᠭᠡ ᠡᠬᠡ ᠶᠢᠨ ᠡᠨᠡᠷᠢᠯ ᠬᠠᠶᠢᠷ᠎ᠠ ᠦᠷ᠎ᠡ ᠬᠡᠦᠬᠡᠳ  ᠤᠨ ᠠᠴᠢᠯᠠᠯ ᠵᠢᠷᠤᠮ᠂ ᠡᠷᠡᠭᠦᠯ ᠮᠡᠨᠳᠦ᠂ ᠢᠳᠡᠭᠡᠨ ᠤᠮᠳᠠᠭᠠᠨ᠂ ᠠᠷᠠᠳ ᠲᠤ ᠳᠥᠭᠦᠮ ᠦᠵᠡᠭᠦᠯᠬᠦ ᠪᠠ ᠵᠡᠭᠡᠯᠢ ᠲᠣᠭᠤᠷᠢᠭ ᠤᠨ ᠠᠵᠢᠯᠯᠠᠬᠤ ᠥᠷᠲᠡᠭᠡ ᠶᠢ ᠬᠠᠮᠤᠷᠤᠭᠰᠠᠨ ︽ᠵᠢᠷᠭᠤᠭᠠᠨ ᠲᠣᠭᠤᠷᠢᠭ ᠨᠢᠭᠡ ᠥᠷᠲᠡᠭᠡ︾ ᠶᠢᠨ ᠦᠨᠳᠦᠰᠦᠨ ᠱᠠᠲᠤᠨ ᠤ ᠵᠠᠰᠠᠯᠲᠠ ᠶᠢᠨ ᠵᠠᠭᠪᠤᠷ ᠪᠠ ︽ᠣᠶᠤᠨᠴᠢ ᠨᠠᠰᠤᠵᠢᠯ ᠤᠨ ᠠᠰᠠᠷᠠᠮᠵᠢ︾ ︽ᠨᠠᠷᠢᠯᠢᠬᠵᠢᠭᠤᠯᠤᠭᠰᠠᠨ ᠨᠠᠰᠤᠵᠢᠯ ᠤᠨ ᠠᠰᠠᠷᠠᠮᠵᠢ︾ ᠶᠢᠨ ᠵᠠᠭᠪᠤᠷ ᠢ ᠤᠯᠠᠨ ᠳᠤ ᠣᠶᠢᠯᠠᠭᠠᠭᠤᠯᠵᠤ᠂ ᠡᠳ᠋ ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ᠂ ᠡᠭᠦᠯᠡᠨ ᠪᠤᠳᠤᠯᠲᠠ᠂ ᠲᠣᠮᠣ ᠳ᠋ᠠᠶᠢᠲ᠋ᠠ᠂ ᠤᠶᠤᠨᠲᠤ ᠬᠠᠲᠠᠭᠤ ᠲᠣᠨᠤᠭ ᠵᠡᠷᠭᠡ ᠮᠡᠳᠡᠭᠡ ᠵᠠᠩᠭᠢ ᠶᠢᠨ ᠮᠡᠷᠭᠡᠵᠢᠯ ᠢᠶᠠᠷ ᠬᠤᠪᠢ ᠬᠥᠮᠦᠨ᠂ ᠬᠡᠷ ᠪᠦᠯᠢ᠂ ᠨᠡᠶᠢᠭᠡᠮ ᠲᠣᠭᠤᠷᠢᠭ ᠬᠢᠭᠡᠳ ᠡᠷᠡᠭᠦᠯ ᠮᠡᠨᠳᠦ ᠨᠠᠰᠤᠵᠢᠯ ᠤᠨ ᠠᠰᠠᠷᠠᠮᠵᠢ ᠶᠢ ᠠᠬᠢᠭᠤᠯᠬᠤ ᠤᠯᠠᠮᠵᠢᠯᠠᠯᠲᠤ ᠨᠠᠰᠤᠵᠢᠯ ᠤᠨ ᠠᠰᠠᠷᠠᠮᠵᠢ ᠶᠢᠨ ᠵᠠᠭᠪᠤᠷ ᠢ ᠦᠳᠲᠡᠷ ᠲᠦᠷᠭᠡᠨ ᠢᠶᠠᠷ ᠤᠶᠤᠨᠴᠢᠯᠠᠨ ᠲᠠᠰ ᠳᠡᠪᠰᠢᠭᠦᠯᠬᠦ ᠳᠤ ᠬᠥᠮᠦᠰ ᠤᠨ ᠠᠩᠬᠠᠷᠤᠯ ᠢ ᠲᠠᠲᠠᠵᠤ ᠪᠠᠶᠢᠨ᠎ᠠ᠃ ᠨᠡᠶᠢᠭᠡᠮ ᠲᠣᠭᠤᠷᠢᠭ ᠤᠨ ᠵᠠᠰᠠᠯᠲᠠ ᠶᠢ ᠠᠬᠢᠭᠤᠯᠬᠤ ᠳᠤ ᠦᠵᠡᠭᠦᠯᠬᠦ ᠬᠡᠷᠡᠭ ᠵᠥᠪᠯᠡᠬᠦ ᠵᠥᠪᠯᠡᠯᠭᠡ ᠶᠢᠨ ᠴᠢᠬᠤᠯᠠ ᠦᠢᠯᠡᠳᠦᠯ ᠵᠢᠴᠢ ᠨᠡᠶᠢᠭᠡᠮ ᠲᠣᠭᠤᠷᠢᠭ ᠤᠨ ᠵᠠᠰᠠᠯᠲᠠ ᠶᠢᠨ ᠣᠶᠢᠯᠠᠭᠠᠭᠳᠠᠬᠤᠨ ᠤ ᠰᠢᠨᠡᠴᠢᠯᠡᠯᠲᠡ ᠶᠢᠨ ᠨᠡᠶᠢᠭᠡᠮ ᠲᠣᠭᠤᠷᠢᠭ ᠤᠨ ᠬᠥᠭᠵᠢᠯᠲᠡ ᠶᠢ ᠠᠬᠢᠭᠤᠯᠬᠤ ᠳᠤ ᠦᠵᠡᠭᠦᠯᠬᠦ ᠴᠢᠬᠤᠯᠠ ᠠᠴᠢ ᠬᠤᠯᠪᠣᠭᠳᠠᠯ ᠢ ᠤᠯᠠᠨ ᠳᠤ ᠨᠡᠩ ᠭᠦᠨᠵᠡᠭᠡᠢ ᠣᠶᠢᠯᠠᠭᠠᠭᠤᠯᠵᠤ᠂ ᠨᠡᠶᠢᠭᠡᠮ ᠲᠣᠭᠤᠷᠢᠭ ᠤᠨ ᠬᠠᠮᠢᠶᠠᠷᠤᠯᠲᠠ ᠶᠢᠨ ᠠᠵᠢᠯ ᠢ ᠰᠠᠶᠢᠲᠤᠷ ᠠᠬᠢᠭᠤᠯᠬᠤ ᠳᠤ ᠪᠣᠳᠣᠯᠬᠢᠯᠠᠯ ᠪᠠ ᠰᠡᠩᠬᠡᠷᠡᠭᠦᠯᠦᠯ ᠣᠯᠭᠤᠵᠠᠢ᠃    ᠳᠠᠷᠠᠭ᠎ᠠ ᠳᠤᠨᠢ᠂ ︽ᠭᠠᠷ ᠬᠤᠯᠪᠣᠨ ᠨᠡᠶᠢᠭᠡᠮ ᠲᠣᠭᠤᠷᠢᠭ ᠤᠨ ᠵᠠᠰᠠᠯᠲᠠ ᠶᠢᠨ ᠬᠠᠮᠲᠤ ᠶᠢᠨ ᠴᠣᠭᠴᠠ ᠶᠢ ᠪᠠᠶᠢᠭᠤᠯᠬᠤ ᠬᠡᠯᠡᠯᠴᠡᠭᠡᠷ ᠤᠨ ᠪᠢᠴᠢᠭ︾ ᠲᠤ ᠭᠠᠷ ᠤᠨ ᠦᠰᠦᠭ ᠵᠢᠷᠤᠬᠤ ᠶᠣᠰᠣᠯᠠᠯ ᠶᠠᠪᠤᠭᠤᠯᠵᠤ᠂ ᠰᠢᠤᠸᠠᠢ ᠶᠤᠸᠠᠨ ᠯᠤ᠋ ᠵᠡᠭᠡᠯᠢ ᠶᠢᠨ ᠱᠢ ᠶᠧᠦ ᠳ᠋ᠠ ᠶᠤᠸᠠᠨ ᠨᠡᠶᠢᠭᠡᠮ ᠲᠣᠭᠤᠷᠢᠭ ᠪᠣᠯᠤᠨ ᠬᠢᠩᠭᠠᠨ ᠪᠡᠭᠡᠵᠢᠩ ᠨᠡᠶᠢᠭᠡᠮ ᠲᠣᠭᠤᠷᠢᠭ ᠤᠨ ᠬᠤᠶᠠᠷ ᠲᠠᠯ᠎ᠠ ᠪᠠᠷ ᠢᠶᠠᠨ ︽100 ᠡᠳᠦᠷ ᠤᠨ ᠬᠢᠩᠭᠠᠨ ᠠᠶᠢᠮᠠᠭ ᠤᠨ ᠨᠠᠭᠠᠳᠤᠮ ᠤᠨ ᠠᠵᠢᠯᠯᠠᠭ᠎ᠠ︾ ᠶᠢᠨ ᠵᠠᠭᠤᠴᠢᠯᠠᠭᠤᠷ ᠢᠶᠠᠷ ᠲᠠᠮᠵᠢᠨ᠂ ᠬᠤᠶᠠᠷ ᠭᠠᠵᠠᠷ ᠤᠨ ᠬᠠᠷᠢᠯᠴᠠᠨ ᠠᠶᠢᠯᠴᠢᠯᠠᠬᠤ᠂ ᠬᠠᠷᠢᠯᠴᠠᠨ ᠬᠥᠳᠡᠯᠦᠯᠴᠡᠬᠦ᠂ ᠬᠠᠷᠢᠯᠴᠠᠨ ᠵᠤᠭᠠᠴᠠᠬᠤ ᠶᠢ ᠴᠢᠩᠭᠠᠳᠬᠠᠵᠤ᠂ ᠰᠠᠶᠢᠨ ᠰᠠᠶᠢᠬᠠᠨ ᠠᠮᠢᠳᠤᠷᠠᠯ ᠢ ᠬᠠᠮᠲᠤᠪᠠᠷ ᠴᠣᠭᠴᠠᠯᠠᠨ ᠪᠠᠶᠢᠭᠤᠯᠬᠤ ᠪᠣᠯᠤᠨ᠎ᠠ᠃    ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ᠂ ᠬᠤᠰᠢᠭᠤᠨ ᠤ ᠨᠠᠮ ᠣᠯᠠᠨ ᠲᠦᠮᠡᠨ ᠤ ᠠᠵᠢᠯ ᠤᠨ ᠦᠢᠯᠡᠴᠢᠯᠡᠭᠡᠨ ᠤ ᠲᠥᠪ᠂ ᠬᠢᠩᠭᠠᠨ ᠪᠡᠭᠡᠵᠢᠩ ᠨᠡᠶᠢᠭᠡᠮ ᠲᠣᠭᠤᠷᠢᠭ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠨᠠᠷ ᠠᠵᠢᠯᠯᠠᠭ᠎ᠠ ᠳᠤ ᠣᠷᠣᠯᠴᠠᠵᠠᠶ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号