ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠰᠠᠶᠢᠨ ᠪᠠᠷᠠᠭ᠎ᠠ ᠲᠠᠸᠠᠷ ᠪᠡᠭᠡᠵᠢᠩ ᠬᠤᠳᠠᠨ ᠳᠤ ᠪᠤᠷᠤᠯᠠᠭᠤᠯᠤᠭᠳᠠᠯ᠎ᠠ
ᠨᠡᠶᠢᠲᠡᠯᠡᠭᠰᠡᠨ ᠴᠠᠭ᠄
2025/5/6
    4 ᠰᠠᠷ᠎ᠠ ᠶᠢᠨ 27 ᠤ ᠡᠳᠦᠷ᠂ ︽ᠬᠢᠩᠭᠠᠨ ᠤ ᠰᠠᠶᠢᠨ ᠪᠠᠷᠠᠭ᠎ᠠ ᠲᠠᠸᠠᠷ ᠢ ᠪᠡᠭᠡᠵᠢᠩ ᠳᠤ ᠣᠷᠣᠭᠤᠯᠬᠤ — ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠲᠠᠷᠢᠶᠠᠯᠠᠩ ᠤᠨ ᠪᠦᠳᠦᠭᠡᠭᠳᠡᠬᠦᠨ ᠮᠠᠯ ᠤᠨ ᠠᠰᠢᠭ ᠰᠢᠮ᠎ᠡ ᠶᠢ ᠳᠡᠯᠭᠡᠨ ᠪᠣᠷᠣᠯᠠᠭᠤᠯᠬᠤ ᠲᠤᠰᠬᠠᠶ ᠠᠵᠢᠯᠯᠠᠭ᠎ᠠ︾ ᠪᠡᠭᠡᠵᠢᠩ ᠬᠤᠲᠠ ᠶᠢᠨ ᠬᠠᠶᠢᠳᠢᠶᠠᠨ ᠲᠣᠭᠤᠷᠢᠭ ᠤᠨ ᠲᠢᠶᠠᠨ ᠼᠦᠨ ᠵᠡᠭᠡᠯᠢ ᠶᠢᠨ ᠬᠡᠷᠡᠭ ᠡᠷᠬᠢᠯᠡᠬᠦ ᠭᠠᠵᠠᠷ ᠤᠨ ᠵᠢᠩ ᠯᠢᠶᠠᠩ ᠠᠭᠤᠳᠠᠮ ᠲᠠᠯᠠᠪᠠᠶ ᠳᠤ ᠡᠬᠢᠯᠡᠪᠡ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ 30 ᠭᠠᠷᠤᠶ ᠠᠵᠤ ᠠᠬᠤᠶᠢᠯᠠᠯ ᠵᠢᠴᠢ ᠲᠤᠰᠬᠠᠢ ᠬᠤᠷᠰᠢᠶ᠎ᠠ ᠶᠢᠨ 100 ᠭᠠᠷᠤᠶ ᠵᠦᠢᠯ ᠤᠨ ᠴᠢᠨᠠᠷ ᠰᠠᠶᠢᠲᠠᠶ ᠪᠣᠬᠢᠷᠲᠤᠯ ᠥᠬᠡᠶ ᠲᠠᠷᠢᠶᠠᠯᠠᠩ ᠤᠨ ᠪᠦᠳᠦᠭᠡᠭᠳᠡᠬᠦᠨ ᠮᠠᠯ ᠤᠨ ᠠᠰᠢᠭ ᠰᠢᠮ᠎ᠡ ᠂ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠦᠵᠡᠭᠦᠯᠭᠡ ᠶᠢᠨ ᠲᠠᠶᠢᠰᠠᠨ ᠳᠤ ᠳᠡᠯᠭᠡᠭᠳᠡᠵᠦ᠂ ᠪᠡᠭᠡᠵᠢᠩ ᠬᠤᠲᠠ ᠶᠢᠨ ᠠᠷᠠᠳ ᠤᠨ ᠬᠤᠭᠤᠯᠠᠨ ᠰᠢᠷᠡᠭᠡᠨ ᠳᠤ ᠭᠠᠷᠴᠤ᠂ ᠲᠣᠰ ᠡᠳᠦᠷ ᠤᠨ ᠭᠡᠷ᠎ᠡ ᠲᠣᠭᠲᠠᠭᠰᠠᠨ ᠲᠤᠭ᠎ᠠ ᠨᠢ 800 ᠲᠦᠮᠡᠨ ᠲᠥᠭᠦᠷᠢᠭ ᠲᠤ ᠬᠦᠷᠴᠡᠶ᠃
前旗好物进北京1.jpg  
  ᠪᠡᠭᠡᠵᠢᠩ ᠤᠨ ᠣᠶ ᠰᠢᠭᠤᠶ ᠶᠢᠨ ᠶᠡᠭᠡ ᠰᠤᠷᠭᠠᠭᠤᠯᠢ ᠶᠢᠨ ᠤᠯᠤᠰ ᠤᠨ ᠳᠣᠲᠣᠭᠠᠳᠤ ᠶᠢᠨ ᠬᠠᠮᠲᠤᠷᠠᠯᠴᠠᠭ᠎ᠠ ᠪᠠ ᠰᠤᠷᠭᠠᠭᠤᠯᠢ ᠶᠢᠨ ᠨᠠᠶᠢᠵᠠ ᠶᠢᠨ ᠠᠵᠢᠯ ᠤᠨ ᠭᠠᠵᠠᠷ ᠤᠨ ᠳᠠᠷᠤᠭ᠎ᠠ ᠲᠢᠶᠠᠨ ᠶᠠᠩ᠂ ᠳᠤᠮᠳᠠᠳᠤ ᠤᠯᠤᠰ ᠤᠨ ᠵᠠᠭᠤᠴᠢᠯᠠᠭᠤᠷ ᠤᠨ ᠶᠡᠭᠡ ᠰᠤᠷᠭᠠᠭᠤᠯᠢ ᠶᠢᠨ ᠠᠷᠤ ᠲᠠᠯ᠎ᠠ ᠶᠢᠨ ᠦᠢᠯᠡᠴᠢᠯᠡᠭᠡᠨ ᠤ ᠭᠠᠵᠠᠷ ᠤᠨ ᠳᠡᠳ᠋ ᠳᠠᠷᠤᠭ᠎ᠠ ᠵᠠᠩ ᠴᠢ ᠹᠧᠩ᠂ ᠱᠧᠦ ᠯᠢᠦᠢ ᠪᠦᠯᠦᠭᠯᠡᠯ ᠤᠨ ᠲᠦᠷᠦᠯ ᠲᠡᠮᠳᠡᠭ ᠪᠣᠯᠤᠨ ᠬᠠᠮᠵᠢᠯᠴᠠᠨ ᠬᠥᠭᠵᠢᠭᠦᠯᠬᠦ ᠬᠡᠯᠲᠡᠰ ᠤᠨ ᠳᠠᠷᠤᠭ᠎ᠠ ᠸᠠᠩ ᠵᠢᠶᠦ᠋ᠨ ᠫᠧᠩ᠂ ᠵᠢᠩ ᠱᠢ ᠸᠧᠨ ᠯᠢᠦᠢ ᠪᠦᠯᠦᠭᠯᠡᠯ ᠤᠨ ᠶᠡᠷᠦᠩᠬᠡᠢ  ᠲᠠᠭᠠᠭᠠᠮᠠᠯ ᠴᠢᠤᠸᠠᠨ ᠸᠧᠨ ᠪᠢᠩ᠂ ᠬᠠᠶᠢᠳᠢᠶᠠᠨ ᠲᠣᠭᠤᠷᠢᠭ ᠤᠨ ᠬᠦᠳᠡᠭᠡ ᠠᠵᠤ ᠠᠬᠤᠢ ᠬᠥᠳᠡᠭᠡ ᠲᠣᠰᠬᠤᠨ ᠤ ᠲᠤᠪᠴᠢᠶ᠎ᠠ ᠶᠢᠨ ᠬᠤᠶᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ᠂ ᠳᠡᠳ᠋ ᠳᠠᠷᠤᠭ᠎ᠠ ᠰᠢᠶᠠᠩ ᠵᠢᠩ ᠶᠠᠩ᠂ ᠬᠠᠶᠢᠳᠢᠶᠠᠨ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ  ᠲᠤᠪᠴᠢᠶ᠎ᠠ ᠶᠢᠨ ᠳᠥᠷᠪᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ ᠶᠠᠩ ᠽᠤᠤ ᠫᠢᠩ ᠲᠤᠰ ᠠᠵᠢᠯᠯᠠᠭ᠎ᠠ ᠳᠤ ᠣᠷᠣᠯᠴᠠᠪᠠ᠃ ᠬᠢᠩᠭᠠᠨ ᠠᠶᠢᠮᠠᠭ ᠤᠨ ᠵᠠᠬᠢᠷᠭ᠎ᠠ ᠶᠢᠨ ᠳᠡᠳ᠋ ᠳᠠᠷᠤᠭ᠎ᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠱᠤ᠋ ᠲᠤᠤ ᠠᠵᠢᠯᠯᠠᠭ᠎ᠠ ᠳᠤ ᠣᠷᠣᠯᠴᠠᠭᠰᠠᠨ ᠪᠥᠭᠡᠳ ᠪᠠᠶᠠᠷ ᠤᠨ ᠦᠭᠡ ᠬᠡᠯᠡᠵᠦ᠂ ᠬᠢᠩᠭᠠᠨ ᠠᠶᠢᠮᠠᠭ ᠤᠨ ᠵᠠᠬᠢᠷᠭ᠎ᠠ ᠶᠢᠨ ᠳᠡᠳ᠋ ᠨᠠᠷᠢᠨ ᠪᠢᠴᠢᠭ ᠤᠨ ᠳᠠᠷᠤᠭ᠎ᠠ ᠵᠣᠣ ᠫᠧᠩ ᠴᠢ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠶᠤᠸᠠᠢ ᠰᠥᠩ ᠱᠠᠨ᠂ ᠠᠶᠢᠮᠠᠭ ᠬᠤᠰᠢᠭᠤᠨ ᠤ ᠬᠠᠮᠢᠶ᠎ᠠ ᠪᠥᠬᠦᠶ ᠤᠳᠤᠷᠢᠳᠤᠯᠭ᠎ᠠ ᠵᠢᠴᠢ ᠪᠠᠶᠢᠭᠤᠯᠭ᠎ᠠ ᠨᠢᠭᠡᠴᠢ ᠶᠢᠨ ᠬᠠᠷᠢᠭᠤᠴᠠᠯᠭᠠᠲᠠᠨ ᠨᠠᠷ ᠳᠡᠯᠭᠡᠨ ᠪᠣᠷᠣᠯᠠᠭᠤᠯᠬᠤ ᠠᠵᠢᠯᠯᠠᠭ᠎ᠠ ᠳᠤ ᠣᠷᠣᠯᠴᠠᠵᠠᠶ᠃
前旗好物进北京2.jpg
   ᠳᠡᠯᠭᠡᠨ ᠪᠣᠷᠣᠯᠠᠭᠤᠯᠬᠤ ᠴᠤᠭᠯᠠᠭᠠᠨ ᠤ ᠪᠦᠲᠦᠭᠡᠭᠳᠡᠬᠦᠨ ᠳᠤ ᠮᠠᠯ ᠤᠨ ᠠᠰᠢᠭ ᠰᠢᠮ᠎ᠡ᠂ ᠴᠠᠭᠠᠨ ᠢᠳᠡᠭᠡᠨ᠂ ᠬᠡᠭᠡᠷ᠎ᠡ ᠶᠢᠨ ᠮᠦᠬᠦ ᠵᠢᠴᠢ ᠪᠤᠳᠠᠰ ᠤᠨ ᠪᠤᠰᠤ ᠰᠤᠶᠤᠯ ᠤᠨ ᠪᠦᠳᠦᠭᠡᠭᠳᠡᠬᠦᠨ ᠵᠡᠷᠭᠡ ᠲᠦᠷᠦᠯ ᠵᠦᠢᠯ ᠪᠠᠭᠲᠠᠵᠤ᠂ ᠳᠡᠯᠭᠡᠨ ᠪᠣᠷᠣᠯᠠᠭᠤᠯᠬᠤ ᠠᠵᠢᠯᠯᠠᠭ᠎ᠠ ᠳᠤ ᠣᠷᠣᠯᠴᠠᠭᠰᠠᠨ ᠬᠥᠮᠦᠰ ᠬᠢᠩᠭᠠᠨ ᠠᠶᠢᠮᠠᠭ ᠤᠨ ᠲᠤᠲᠤᠷᠭ᠎ᠠ ᠶᠢᠨ ᠠᠮᠲᠠ᠂ ᠲᠠᠯ᠎ᠠ ᠨᠤᠲᠤᠭ ᠤᠨ ᠦᠬᠡᠷ ᠬᠤᠨᠢᠨ ᠮᠢᠬ᠎ᠠ ᠶᠢᠨ ᠰᠢᠨ᠎ᠡ ᠰᠣᠷᠭᠤᠭ᠂ ᠬᠠᠲᠠᠭᠠᠭᠰᠠᠨ ᠦᠬᠡᠷ ᠤᠨ ᠮᠢᠬ᠎ᠠ᠂ ᠴᠠᠭᠠᠨ ᠢᠳᠡᠭᠡᠨ ᠤ ᠠᠩᠬᠢᠯᠤᠮ᠎ᠠ ᠦᠨᠦᠷ ᠢ ᠮᠠᠭᠲᠠᠵᠤ᠂ ᠳᠡᠯᠭᠡᠨ ᠪᠣᠷᠣᠯᠠᠭᠤᠯᠬᠤ ᠠᠵᠢᠯᠯᠠᠭ᠎ᠠ ᠳᠤ ᠣᠷᠣᠯᠴᠠᠭᠰᠠᠳ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠬᠤᠳᠠᠯᠳᠤᠨ ᠠᠪᠴᠤ᠂ ᠲᠤᠰ ᠡᠳᠦᠷ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ 5 ᠲᠦᠮᠡᠨ ᠲᠥᠭᠦᠷᠢᠭ ᠢ ᠳᠠᠪᠠᠵᠠᠢ᠃ ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠳᠤᠮᠳᠠᠳᠤ ᠤᠯᠤᠰ ᠤᠨ ᠵᠠᠭᠤᠴᠢᠯᠠᠭᠤᠷ ᠤᠨ ᠶᠡᠭᠡ ᠰᠤᠷᠭᠠᠭᠤᠯᠢ᠂ ᠪᠡᠭᠡᠵᠢᠩ ᠤᠨ ᠣᠶ ᠰᠢᠭᠤᠶ ᠶᠢᠨ ᠶᠡᠭᠡ ᠰᠤᠷᠭᠠᠭᠤᠯᠢ᠂ ᠬᠠᠶᠢᠳᠢᠶᠠᠨ ᠲᠣᠭᠤᠷᠢᠭ ᠤᠨ ᠠᠵᠢᠯᠴᠢᠨ ᠤ ᠡᠪᠯᠡᠯ ᠵᠡᠷᠭᠡ ᠪᠠᠶᠢᠭᠤᠯᠭ᠎ᠠ ᠨᠢᠭᠡᠴᠢ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠲᠠᠢ 800 ᠲᠦᠮᠡᠨ ᠲᠥᠭᠦᠷᠢᠭ ᠤᠨ ᠬᠤᠳᠠᠯᠳᠤᠨ ᠠᠪᠬᠤ ᠬᠡᠯᠡᠯᠴᠡᠭᠡᠷ ᠲᠣᠭᠲᠠᠪᠠ᠃ ᠲᠡᠷᠡᠴᠢᠯᠡᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠲᠠᠷᠢᠶᠠᠯᠠᠩ ᠤᠨ ᠪᠦᠳᠦᠭᠡᠭᠳᠡᠬᠦᠨ ᠮᠠᠯ ᠤᠨ ᠠᠰᠢᠭ ᠰᠢᠮ᠎ᠡ ᠪᠠᠰᠠ ᠤᠯᠤᠰ ᠤᠨ ᠪᠡᠶ᠎ᠡ ᠶᠢᠨ ᠲᠠᠮᠢᠷ ᠤᠨ ᠲᠥᠪ᠂ ᠬᠠᠶᠢᠳᠢᠶᠠᠨ ᠲᠣᠭᠤᠷᠢᠭ ᠤᠨ ᠵᠡᠭᠡᠯᠢ ᠭᠤᠳᠤᠮᠵᠢ᠂ ᠠᠵᠢᠯ ᠲᠥᠷᠥᠯ ᠤᠨ ᠰᠢᠰᠲ᠋ᠧᠮ ᠢᠶᠠᠷ ᠢᠶᠠᠨ ᠬᠠᠪᠰᠤᠷᠤᠨ ᠲᠡᠳᠬᠦᠬᠦ ᠲᠣᠰᠬᠤᠨ ᠠᠵᠤ ᠠᠬᠤᠶᠢᠯᠠᠯ ᠵᠢᠴᠢ ᠶᠡᠭᠡ ᠳᠡᠭᠡᠳᠦ ᠰᠤᠷᠭᠠᠭᠤᠯᠢ ᠳᠤ ᠠᠮᠵᠢᠯᠲᠠᠲᠠᠶ ᠣᠷᠣᠵᠠᠢ᠃
前旗好物进北京3.jpg
     ︽ᠡᠨᠡ ᠤᠳᠠᠭᠠᠨ ᠤ ᠠᠵᠢᠯᠯᠠᠭ᠎ᠠ ᠳᠤ ᠮᠠᠨ ᠤ ᠬᠠᠲᠠᠭᠠᠭᠰᠠᠨ ᠠᠭᠠᠯᠢᠭ ᠠᠯᠢᠮ᠎ᠠ᠂ ᠹᠧᠨᠲ᠋ᠢᠶᠤᠤᠷ᠂ ᠡᠪᠡᠰᠦᠨ ᠭᠦᠷᠦᠮᠡᠯ ᠤᠨ ᠭᠠᠷ ᠤᠷᠠᠯᠠᠯ ᠤᠨ ᠪᠦᠲᠦᠭᠡᠭᠳᠡᠬᠦᠨ ᠵᠡᠷᠭᠡ ᠦᠢᠯᠡᠳᠬᠦᠨ ᠰᠠᠶᠢᠨ ᠦᠨᠡᠯᠡᠯᠲᠡ ᠶᠢ ᠣᠯᠤᠭᠰᠠᠨ ᠪᠠᠶᠢᠨ᠎ᠠ᠂ ᠡᠨᠡ ᠨᠢ ᠮᠠᠨ ᠤ ᠲᠠᠷᠢᠶᠠᠴᠢᠳ ᠲᠤ ᠠᠵᠢᠯ ᠤᠯᠭᠤᠬᠤ ᠪᠠ ᠦᠢᠯᠡᠰ ᠪᠤᠰᠬᠠᠬᠤ ᠨᠡᠩ ᠣᠯᠠᠨ ᠲᠣᠬᠢᠶᠠᠯ ᠣᠯᠭᠤᠭᠰᠠᠨ ᠢ ᠬᠠᠷᠠᠭᠤᠯᠵᠤ ᠪᠠᠶᠢᠨ᠎ᠠ︾ ᠭᠡᠵᠦ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠡᠳᠦᠭᠡᠷ ᠪᠠᠯᠭᠠᠰᠤ ᠶᠢᠨ ᠨᠠᠮ ᠤᠨ ᠬᠤᠷᠢᠶᠠᠨ ᠤ ᠱᠦᠵᠢ ᠵᠠᠩ ᠢᠦᠢ ᠬᠠᠩ ᠬᠡᠯᠡᠪᠡ᠃ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠦᠳᠡᠭᠡ ᠰᠦ ᠴᠠᠭᠠᠨ ᠢᠳᠡᠭᠡᠨ ᠤ ᠬᠤᠷᠰᠢᠶᠠᠨ ᠤ ᠬᠠᠷᠢᠭᠤᠴᠠᠯᠭᠠᠲᠠᠨ ᠤᠯᠠᠭᠠᠨᠲᠤᠶᠠᠭ᠎ᠠ ︽ᠠᠪᠴᠢᠷᠠᠭᠰᠠᠨ 300 ᠭᠠᠷᠤᠢ ᠬᠤᠪᠢ ᠴᠠᠭᠠᠨ ᠢᠳᠡᠭᠡᠨ ᠤ ᠵᠦᠢᠯ ᠪᠠ 300 ᠭᠠᠷᠤᠢ ᠵᠢᠩ ᠬᠠᠲᠠᠭᠠᠭᠰᠠᠨ ᠦᠬᠡᠷ ᠤᠨ ᠮᠢᠬ᠎ᠠ ᠶᠢ 2 ᠴᠠᠭ ᠤᠨ ᠳᠣᠲᠣᠷ᠎ᠠ ᠪᠦᠬᠦᠨ ᠢ ᠬᠤᠳᠠᠯᠳᠤᠵᠠᠢ︾ ᠭᠡᠵᠦ ᠪᠠᠶᠠᠷᠳᠠᠶᠢᠬᠠᠨ ᠶᠠᠷᠢᠨ᠎ᠠ᠃
前旗好物进北京4.jpg
    ᠳᠡᠯᠭᠡᠨ ᠪᠣᠷᠣᠯᠠᠭᠤᠯᠬᠤ ᠠᠵᠢᠯᠯᠠᠭ᠎ᠠ ᠳᠤ᠂ ᠱᠧᠦ ᠯᠢᠦᠢ ᠪᠦᠯᠦᠭᠯᠡᠯ ᠪᠣᠯᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠢᠨ ᠭᠠᠷ ᠬᠤᠯᠪᠣᠯᠴᠠᠨ ︽ᠪᠢ ᠲᠠᠯ᠎ᠠ ᠨᠤᠲᠤᠭ ᠲᠤ ᠣᠴᠢᠵᠤ ᠬᠤᠨᠢ ᠲᠠᠢ ᠤᠶᠢᠷᠠᠳᠬᠤ︾ ᠠᠵᠢᠯᠯᠠᠭ᠎ᠠ ᠶᠢ ᠡᠬᠢᠯᠡᠭᠦᠯᠵᠦ᠂ ︽ᠬᠤᠤᠰ ᠭᠤᠷᠪᠠᠨ ᠮᠢᠩᠭᠠᠨ︾ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠪᠠ᠂ ᠲᠤᠬᠠᠶᠢᠯᠠᠪᠠᠯ᠄ ︽ᠢᠨᠲ᠋ᠧᠷ ᠰᠦᠯᠵᠢᠶ᠎ᠡ + ᠮᠠᠯ ᠠᠵᠤ ᠠᠬᠤᠶ︾ ᠶᠢᠨ ᠵᠠᠭᠪᠤᠷ ᠢᠶᠠᠷ ᠤᠯᠠᠭᠠᠨᠮᠤᠲᠤ ᠶᠢᠨ ᠲᠠᠯ᠎ᠠ ᠨᠤᠲᠤᠭ ᠤᠨ 3000 ᠬᠤᠨᠢ ᠶᠢ ᠲᠠᠨᠢᠨ ᠠᠪᠴᠤ᠂ ᠡᠨᠡᠬᠦ ᠠᠵᠢᠯᠯᠠᠭ᠎ᠠ ᠳᠤ ᠤᠷᠤᠯᠴᠠᠬᠤ 3000 ᠬᠦᠮᠦᠨ ᠤᠯᠠᠭᠠᠨᠮᠤᠲᠤ ᠶᠢᠨ ᠲᠠᠯ᠎ᠠ ᠨᠤᠲᠤᠭ ᠤᠨ ᠮᠠᠯᠴᠢᠳ ᠤᠨ ᠠᠮᠢᠳᠤᠷᠠᠯ᠂ ᠣᠯᠠᠨ ᠡᠰᠢᠲᠦ ᠬᠡᠷᠡᠭᠯᠡᠭᠡᠨ ᠤ ᠠᠬᠤᠶ ᠪᠠᠶᠢᠳᠠᠯ ᠵᠢᠴᠢ ᠰᠢᠨ᠎ᠡ ᠮᠠᠶ᠋ᠢᠭ ᠤᠨ ᠬᠡᠷᠡᠭᠯᠡᠭᠡᠨ ᠤ ᠵᠠᠭᠪᠤᠷ ᠢᠶᠠᠷ ᠰᠣᠶᠣᠯ ᠵᠢᠭᠤᠯᠴᠢᠯᠠᠯ ᠤᠨ ᠦᠢᠯᠡᠴᠢᠯᠡᠭᠡᠨ ᠤ ᠬᠡᠯᠬᠢᠶ᠎ᠡ ᠶᠢ ᠪᠠᠶᠢᠭᠤᠯᠤᠨ ᠬᠦᠴᠦᠷᠬᠡᠭᠵᠢᠭᠦᠯᠵᠦ᠂ ᠬᠤᠶᠠᠷ ᠭᠠᠵᠠᠷ ᠤᠨ ᠠᠵᠤ ᠦᠢᠯᠡᠰ ᠤᠨ ᠬᠠᠮᠵᠢᠯᠴᠠᠭ᠎ᠠ ᠶᠢ ᠥᠨᠳᠥᠷ ᠪᠦᠲᠦᠮᠵᠢᠲᠡᠶ ᠪᠠᠷ ᠥᠷᠨᠢᠭᠦᠯᠬᠦ᠂ ᠬᠠᠷᠢᠯᠴᠠᠨ ᠠᠰᠢᠭ ᠣᠯᠭᠤᠵᠤ ᠬᠠᠮᠲᠤ ᠪᠠᠷ ᠠᠰᠢᠭ ᠭᠥᠷᠳᠡᠬᠦ ᠶᠢ ᠬᠠᠮᠲᠤ ᠪᠠᠷ ᠳᠥᠯᠭᠢᠨ ᠠᠬᠢᠭᠤᠯᠬᠤ ᠪᠤᠯᠤᠨ᠎ᠠ᠃    ᠳᠡᠯᠭᠡᠨ ᠪᠣᠷᠣᠯᠠᠭᠤᠯᠬᠤ ᠠᠵᠢᠯᠯᠠᠭ᠎ᠠ ᠶᠢᠨ ᠬᠤᠭᠤᠴᠠᠭᠠᠨ ᠳᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ 14 ᠰᠤᠮᠤ ᠰᠢᠶᠠᠩ ᠪᠠᠯᠭᠠᠰᠤᠨ ᠤ ᠬᠠᠷᠢᠭᠤᠴᠠᠯᠭᠠᠲᠠᠨ ᠬᠠᠶᠢᠳᠢᠶᠠᠨ ᠲᠣᠭᠤᠷᠢᠭ ᠤᠨ ᠬᠠᠪᠰᠤᠷᠤᠨ ᠲᠡᠳᠬᠦᠬᠦ ᠪᠠᠶᠢᠭᠤᠯᠭ᠎ᠠ ᠨᠢᠭᠡᠴᠢ ᠪᠠᠷ ᠬᠦᠷᠴᠦ᠂ ᠲᠤᠬᠠᠶ ᠶᠢᠨ ᠭᠠᠵᠠᠷ ᠤᠨ ᠴᠢᠨᠠᠷ ᠰᠠᠶᠢᠲᠠᠶ ᠲᠠᠷᠢᠶᠠᠯᠠᠩ ᠤᠨ ᠪᠦᠳᠦᠭᠡᠭᠳᠡᠬᠦᠨ ᠮᠠᠯ ᠤᠨ ᠠᠰᠢᠭ ᠰᠢᠮ᠎ᠡ ᠶᠢ ᠲᠠᠨᠢᠯᠴᠠᠭᠤᠯᠤᠭᠰᠠᠨ ᠠᠴᠠ ᠭᠠᠳᠠᠨ᠎ᠠ᠂ ᠪᠠᠰᠠ 100 ᠡᠳᠦᠷ ᠤᠨ ᠬᠢᠩᠭᠠᠨ ᠠᠶᠢᠮᠠᠭ ᠤᠨ ᠨᠠᠭᠠᠳᠤᠮ ᠤᠨ ᠬᠤᠷᠠᠯ᠂ ᠤᠶᠤᠲᠠᠳ ᠤᠨ ᠲᠠᠯ᠎ᠠ ᠨᠤᠲᠤᠭ ᠤᠨ ᠵᠢᠭᠤᠯᠴᠢᠯᠠᠯ ᠤᠨ ᠨᠠᠶᠢᠷ᠂ ᠰᠤᠳᠤᠯᠤᠨ ᠰᠤᠷᠤᠯᠴᠠᠬᠤ ᠠᠵᠢᠯᠯᠠᠭ᠎ᠠ ᠵᠢᠴᠢ 10 ᠭᠠᠷᠤᠶ ᠵᠢᠭᠤᠯᠴᠢᠯᠠᠯ ᠤᠨ ᠱᠤᠭᠤᠮ ᠤᠨ ᠪᠠᠶᠢᠭᠠᠯᠢ ᠶᠢᠨ ᠥᠩᠭᠡ ᠦᠵᠡᠮᠵᠢ᠂ ᠰᠣᠶᠣᠯ ᠢᠷᠭᠡᠨᠰᠢᠯ ᠤᠨ ᠲᠡᠤᠬᠡ ᠵᠡᠷᠭᠡ ᠶᠢ ᠲᠠᠨᠢᠯᠴᠠᠭᠤᠯᠤᠭᠰᠠᠨ ᠪᠠᠶᠢᠨ᠎ᠠ᠃    ︽ᠪᠡᠭᠡᠵᠢᠩ ᠥᠪᠥᠷ ᠮᠣᠩᠭᠤᠯ ᠢ ᠰᠠᠶᠢᠳᠤᠷ ᠵᠣᠯᠭᠠᠭᠤᠯᠬᠤ ᠪᠠᠷ ᠳᠡᠮᠵᠢᠨ᠂ ᠠᠮᠢ ᠠᠬᠤᠶ ᠶᠢᠨ ᠳᠠᠪᠠᠭᠤᠯᠢᠭ ᠲᠠᠭᠠᠨ ᠲᠦᠰᠢᠭᠯᠡᠨ ᠳᠤᠳᠤᠷᠭ᠎ᠠ᠂ ᠲᠠᠯ᠎ᠠ ᠨᠤᠲᠤᠭ ᠤᠨ ᠬᠤᠨᠢ᠂ ᠬᠠᠲᠠᠭᠠᠭᠰᠠᠨ ᠦᠬᠡᠷ ᠤᠨ ᠮᠢᠬ᠎ᠠ ᠵᠡᠷᠭᠡ ᠠᠵᠤ ᠦᠢᠯᠡᠰ ᠢ ᠬᠦᠴᠦᠷᠭᠡᠭᠵᠢᠬᠦᠯᠵᠦ᠂ ᠰᠣᠶᠣᠯ ᠵᠢᠭᠤᠯᠴᠢᠯᠠᠯ ᠤᠨ ᠳᠠᠯᠳᠠ ᠬᠦᠴᠦᠨ ᠢ ᠠᠭᠤᠳᠠᠯᠤᠨ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠲᠠᠷᠢᠶᠠᠯᠠᠩ ᠤᠨ ᠪᠦᠳᠦᠭᠡᠭᠳᠡᠬᠦᠨ ᠮᠠᠯ ᠤᠨ ᠠᠰᠢᠭ ᠰᠢᠮ᠎ᠡ ᠶᠢᠨ ᠬᠠᠩᠭᠠᠯᠭ᠎ᠠ ᠶᠢᠨ ᠬᠡᠯᠬᠢᠶ᠎ᠡ ᠳᠤ ᠨᠠᠩ ᠥᠷᠭᠡᠨ ᠠᠭᠤᠳᠠᠮ ᠵᠠᠬ᠎ᠠ ᠳᠡᠯᠭᠡᠭᠦᠷ ᠤᠨ ᠣᠷᠣᠨ ᠵᠠᠶ ᠬᠠᠩᠭᠠᠬᠤ ᠶᠢᠨ ᠬᠠᠮᠲᠤ ᠪᠠᠰᠠ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠳᠤ ᠰᠢᠨ᠎ᠡ ᠠᠷᠭ᠎ᠠ ᠵᠠᠮ ᠬᠠᠩᠭᠠᠨ᠎ᠠ︾ ᠭᠡᠵᠦ ᠬᠢᠩᠭᠠᠨ ᠠᠶᠢᠮᠠᠭ ᠤᠨ ᠵᠠᠬᠢᠷᠭ᠎ᠠ ᠶᠢᠨ ᠳᠡᠳ᠋ ᠳᠠᠷᠤᠭ᠎ᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠱᠤ᠋ ᠲᠤᠤ ᠬᠡᠯᠡᠪᠡ᠃    ᠣᠶᠢᠯᠠᠭᠠᠭᠰᠠᠨ ᠢᠶᠠᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠨᠢᠭᠡᠨᠲᠡ 8 ᠵᠢᠯ ᠳᠠᠷᠠᠭᠠᠯᠠᠨ ᠲᠠᠷᠢᠶᠠᠯᠠᠩ ᠤᠨ ᠪᠦᠳᠦᠭᠡᠭᠳᠡᠬᠦᠨ ᠮᠠᠯ ᠤᠨ ᠠᠰᠢᠭ ᠰᠢᠮ᠎ᠡ ᠶᠢ ᠪᠡᠭᠡᠵᠢᠩ ᠳᠤ ᠣᠷᠣᠭᠤᠯᠵᠤ ᠳᠡᠯᠭᠡᠨ ᠪᠣᠷᠣᠯᠠᠭᠤᠯᠬᠤ ᠠᠵᠢᠯᠯᠠᠭ᠎ᠠ ᠥᠷᠨᠢᠭᠦᠯᠵᠦ᠂ 80 ᠭᠠᠷᠤᠶ ᠲᠥᠷᠥᠯ ᠤᠨ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ  ᠶᠢ ᠪᠡᠭᠡᠵᠢᠩ ᠤᠨ ᠵᠠᠬ᠎ᠠ ᠳᠡᠯᠭᠡᠭᠦᠷ ᠲᠤ ᠣᠷᠣᠭᠤᠯᠵᠤ᠂ ᠪᠣᠷᠣᠯᠠᠭᠤᠯᠭ᠎ᠠ ᠶᠢᠨ ᠬᠡᠮᠵᠢᠶ᠎ᠡ ᠨᠢ ᠨᠡᠶᠢᠲᠡ 3 ᠳ᠋ᠦᠩᠰᠢᠭᠤᠷ ᠭᠠᠷᠤᠶ ᠲᠥᠭᠦᠷᠢᠭ ᠲᠤ ᠬᠦᠷᠴᠡᠶ᠃ ᠦᠷᠭᠦᠯᠵᠢᠯᠡᠨ ᠥᠷᠨᠢᠭᠦᠯᠦᠭᠰᠡᠨ ᠡᠬᠢ ᠪᠠᠶᠠᠯᠢᠭ ᠤᠨ ᠬᠤᠯᠪᠣᠯᠲᠠ᠂ ᠦᠢᠯᠡᠳᠪᠦᠷᠢᠯᠡᠯ ᠰᠤᠳᠤᠯᠭᠠᠨ ᠤ ᠬᠠᠮᠲᠤᠷᠠᠯᠴᠠᠭ᠎ᠠ᠂ ᠲᠦᠷᠦᠯ ᠵᠦᠢᠯ ᠤᠨ ᠠᠷᠠᠯᠵᠢᠶᠠᠴᠢᠨ ᠤᠷᠢᠬᠤ ᠵᠡᠷᠭᠡ ᠵᠣᠯᠭᠠᠭᠤᠯᠬᠤ ᠦᠢᠯᠡᠴᠢᠯᠡᠭᠡ ᠨᠢ ᠪᠡᠭᠡᠵᠢᠩ ᠥᠪᠥᠷ ᠮᠣᠩᠭᠤᠯ ᠬᠤᠶᠠᠷ ᠭᠠᠵᠠᠷ ᠢ ᠤᠯᠠᠮ ᠣᠶᠢᠷᠠᠲᠤᠭᠤᠯᠵᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠨᠢ ᠶᠠᠭ ᠠᠵᠤ ᠦᠢᠯᠡᠰ ᠤᠨ ᠬᠠᠷᠢᠯᠴᠠᠨ ᠨᠥᠬᠦᠪᠥᠷᠢᠯᠡᠬᠦ᠂ ᠠᠭᠤᠰᠤᠯᠴᠠᠬᠤ ᠬᠦᠴᠦᠨ ᠢᠶᠠᠷ ᠬᠥᠳᠡᠭᠡ ᠲᠣᠰᠬᠤᠨ ᠤ ᠠᠵᠤ ᠠᠬᠤᠢ ᠶᠢ ᠬᠥᠭᠵᠢᠭᠡᠵᠦ᠂ ᠣᠷᠣᠨ ᠪᠦᠰᠡ ᠶᠢᠨ ᠬᠠᠮᠵᠢᠯᠴᠠᠨ ᠬᠥᠭᠵᠢᠬᠦ ᠶᠢ ᠭᠦᠨᠵᠡᠭᠡᠢ ᠠᠬᠢᠭᠤᠯᠵᠤ ᠪᠠᠶᠢᠨ᠎ᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号