| — ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠷᠢᠭᠦᠨ ᠤ ᠠᠵᠢᠯᠲᠠᠨ︾ ᠤ ᠴᠣᠯᠠ | ᠬᠦᠷᠳᠡᠭᠰᠡᠨ ᠺᠠᠨᠭ᠌ ᠶᠦᠡᠭ ᠯᠢ ᠶᠢᠨ ᠦᠢᠯᠠ ᠠᠵᠢᠯᠯᠠᠭ᠎ᠠ ᠶᠢ ᠳᠡᠮᠳᠡᠭᠯᠡᠪᠡ | 4 ᠰᠠᠷ᠎ᠠ ᠶᠢᠨ 24 ᠤ ᠡᠳᠦᠷ᠂ ᠥᠪᠡᠷᠲᠡᠭᠡᠨ ᠵᠠᠰᠠᠬᠤ ᠣᠷᠣᠨ ᠤ ᠬᠥᠳᠡᠯᠮᠦᠷᠢ ᠶᠢᠨ ᠵᠢᠱᠢᠶᠡᠴᠢ ᠪᠣᠯᠤᠨ | ᠲᠡᠷᠢᠭᠦᠨ ᠤ ᠠᠵᠢᠯᠲᠠᠨ ᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠬᠥᠬᠡᠬᠤᠲᠠ ᠳᠤ ᠬᠤᠷᠠᠯᠳᠤᠪᠠ᠃ 518 | ᠨᠥᠬᠦᠳ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠳᠡᠯᠮᠦᠷᠢ ᠶᠢᠨ ᠵᠢᠱᠢᠶᠡᠴᠢ︾ ᠶᠢᠨ | ᠴᠣᠯᠠ ᠶᠢ ᠭᠥᠷᠳᠡᠵᠦ᠂ 279 ᠨᠥᠬᠦᠳ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠷᠢᠭᠦᠨ ᠤ | ᠠᠵᠢᠯᠲᠠᠨ︾ ᠤ ᠴᠣᠯᠠ ᠭᠥᠷᠳᠡᠪᠡ᠃ ᠡᠭᠦᠨ ᠳᠤ᠂ ᠬᠢᠩᠭᠠᠨ ᠤ ᠬᠢᠯᠢ ᠶᠢᠨ ᠬᠠᠮᠢᠶᠠᠷᠤᠯᠲᠠ ᠶᠢᠨ ᠰᠠᠯᠪᠤᠷᠢ | ᠠᠩᠭᠢ ᠶᠢᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠢᠯᠢ ᠶᠢᠨ ᠬᠠᠮᠢᠶᠠᠷᠤᠯᠲᠠ ᠶᠢᠨ ᠶᠡᠭᠡ | ᠠᠩᠭᠢ ᠶᠢᠨ ᠰᠠᠨ ᠴᠠ ᠬᠢᠯᠢ ᠶᠢᠨ ᠪᠠᠶᠢᠴᠠᠭᠠᠬᠤ ᠥᠷᠲᠡᠭᠡ ᠶᠢᠨ ᠳᠠᠷᠤᠭ᠎ᠠ ᠺᠠᠩ ᠶᠦᠩ ᠯᠢ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠲᠡᠷᠢᠭᠦᠨ ᠤ ᠠᠵᠢᠯᠲᠠᠨ︾ ᠤ ᠢᠷᠠᠭᠤ ᠠᠯᠳᠠᠷ ᠢ ᠬᠦᠷᠲᠡᠪᠡ᠃ | ᠺᠠᠩ ᠶᠦᠩ ᠯᠢ᠂ ᠮᠣᠩᠭᠤᠯ ᠦᠨᠳᠦᠰᠦᠲᠡᠨ᠂ 2005 ᠣᠨ ᠳᠤ ᠠᠵᠢᠯ ᠤᠨ ᠭᠠᠷᠤᠭ᠎ᠠ ᠠᠪᠴᠦ᠂ ᠤᠳᠤ | ᠬᠢᠩᠭᠠᠨ ᠤ ᠬᠢᠯᠢ ᠶᠢᠨ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠰᠠᠨ ᠴᠠ ᠬᠢᠯᠢ ᠶᠢᠨ ᠪᠠᠶᠢᠴᠠᠭᠠᠬᠤ ᠥᠷᠲᠡᠭᠡ ᠶᠢᠨ | ᠳᠠᠷᠤᠭ᠎ᠠ ᠶᠢᠨ ᠲᠤᠰᠢᠶᠠᠯ ᠢ ᠡᠬᠦᠷᠭᠡᠯᠡᠵᠦ ᠪᠤᠢ᠃ ᠳᠡᠷᠡ ᠤᠷᠢᠳ ᠬᠤᠵᠢᠳ ︽ᠪᠦᠬᠦ ᠤᠯᠤᠰ ᠤᠨ ᠨᠡᠭᠦᠳᠡᠯ | ᠠᠷᠠᠳ ᠤᠨ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠠᠮᠵᠢᠯᠲᠠ ᠪᠦᠲᠦᠮᠵᠢ ᠪᠠᠷ ᠲᠣᠪᠤᠶᠢᠮ᠎ᠠ ᠨᠠᠮ ᠤᠨ ᠭᠡᠰᠢᠭᠦᠨ | ᠠᠷᠠᠳ ᠤᠨ ᠴᠠᠭᠳᠠᠭ᠎ᠠ︾᠂ ᠪᠦᠬᠦ ᠣᠷᠣᠨ ᠤ ᠳᠣᠲᠣᠭᠠᠳᠤ ᠶᠢ ᠬᠠᠮᠠᠭᠠᠯᠠᠬᠤ ᠰᠢᠰᠲ᠋ᠧᠮ ᠤᠨ ︽ᠠᠷᠠᠳ ᠤᠨ | ᠰᠢᠯᠢᠳᠡᠭ ᠴᠠᠭᠳᠠᠭ᠎ᠠ︾ ᠪᠠᠷ ᠦᠨᠡᠯᠡᠭᠳᠡᠵᠦ᠂ ᠬᠤᠪᠢ ᠬᠥᠮᠦᠨ ᠤ ᠭᠤᠷᠪᠠᠳᠤᠭᠠᠷ ᠲᠠᠰ ᠤᠨ ᠭᠠᠪᠢᠶ᠎ᠠ ᠭᠤᠷᠪᠠ | ᠤᠳᠠᠭ᠎ᠠ ᠪᠠᠶᠢᠭᠤᠯᠪᠠ᠃ | ︽ᠪᠠᠶᠢᠴᠠᠭᠠᠬᠤ ᠦᠷᠳᠡᠭᠡ ᠠᠩᠬ᠎ᠠ ᠪᠠᠶᠢᠭᠤᠯᠤᠬᠳᠠᠬᠤ ᠦᠶ᠎ᠠ ᠳᠤ᠂ ᠰᠠᠨ ᠴᠠ ᠬᠢᠯᠢ ᠶᠢᠨ ᠪᠠᠶᠢᠴᠠᠭᠠᠬᠤ | ᠦᠷᠳᠡᠭᠡ ᠭᠤᠷᠪᠠᠨ ᠲᠠᠰᠤᠯᠭ᠎ᠠ ᠪᠠᠶᠢᠰᠢᠩ᠂ ᠬᠤᠶᠠᠷ ᠰᠢᠷᠡᠭᠡ᠂ ᠨᠠᠢᠮᠠᠨ ᠣᠷᠣ ᠨᠢᠭᠡ ᠯᠠ ᠲᠣᠭᠤᠭ᠎ᠠ ᠲᠠᠢ ᠪᠠᠶᠢᠵᠠᠢ᠃ | ᠲᠤᠬᠠᠶ ᠶᠢᠨ ᠦᠶ᠎ᠡ ᠳᠤ᠂ ᠪᠢᠳᠡ ᠵᠥᠪᠬᠡᠨ 6 ᠠᠷᠠᠳ ᠤᠨ ᠴᠠᠭᠳᠠᠭ᠎ᠠ ᠪᠠᠶᠢᠵᠤ᠂ ᠲᠠᠪᠤᠨ ᠺᠢᠯᠣᠮᠧᠲᠷ ᠤᠨ | ᠭᠠᠳᠠᠨ᠎ᠠ ᠠᠴᠠ ᠤᠰᠦ ᠳᠠᠮᠨᠠᠵᠦ ᠬᠤᠭᠤᠯᠠ ᠬᠢᠵᠦ ᠪᠠᠶᠢᠯ᠎ᠠ︾ ᠭᠡᠵᠦ ᠺᠠᠩ ᠶᠦᠩ ᠯᠢ ᠳᠤᠬᠠᠢ ᠶᠢᠨ ᠦᠶ᠎ᠠ ᠶᠢᠨ | ᠪᠠᠶᠢᠳᠡᠯ ᠢᠶᠠᠨ ᠡᠷᠬᠢᠴᠡᠬᠦᠯᠤᠨ ᠶᠠᠷᠢᠵᠦ ᠪᠠᠶᠢᠯ᠎ᠠ᠃ | ᠳᠡᠭᠡᠳᠦ ᠱᠠᠳᠤᠨ ᠤ ᠳᠠᠮᠵᠢᠯᠭᠡ ᠪᠤᠯᠤᠨ ᠦᠪᠡᠷ ᠤᠨ ᠴᠢᠷᠮᠠᠶᠢᠯᠭ᠎ᠠ ᠪᠠᠷ ᠢᠶᠠᠨ ᠺᠠᠩ ᠶᠦᠩ ᠯᠢ 6 ᠠᠷᠠᠳ ᠤᠨ | ᠴᠠᠭᠳᠠᠭ᠎ᠠ ᠪᠠᠨ ᠳᠠᠭᠠᠭᠤᠯᠤᠨ ᠴᠡᠷᠢᠭ ᠤᠨ ᠬᠤᠸᠠᠷᠠᠨ ᠪᠠ ᠲᠠᠰ ᠳᠡᠪᠰᠢᠭᠦᠯᠬᠦ ᠲᠥᠬᠦᠭᠡᠷᠦᠮᠵᠢ ᠶᠢ ᠰᠢᠨ᠎ᠡ ᠪᠠᠷ | ᠪᠠᠶᠢᠭᠤᠯᠵᠤ᠂ ᠬᠤᠶᠠᠳᠤᠭᠠᠷ ᠱᠤᠭᠤᠮ ᠤᠨ ᠬᠢᠯᠢ ᠶᠢᠨ ᠪᠠᠶᠢᠴᠠᠭᠠᠬᠤ ᠥᠷᠲᠡᠭᠡ ᠶᠢᠨ ᠪᠠᠶᠢᠴᠠᠭᠠᠨ ᠰᠢᠯᠭᠠᠬᠤ ᠣᠷᠣᠨ ᠤ | ᠤᠶᠤᠨᠴᠢᠯᠠᠭᠰᠠᠨ ᠪᠥᠲᠥᠭᠡᠨ ᠪᠠᠶᠢᠭᠤᠯᠤᠯᠲᠠ ᠨᠢ ᠵᠢᠩᠬᠢᠨᠢ ᠪᠠᠷ ᠠᠰᠢᠭᠯᠠᠯᠲᠠ ᠳᠤ ᠤᠷᠤᠵᠦ᠂ ᠰᠠᠨ ᠴᠠ ᠬᠢᠯᠢ ᠶᠢᠨ | ᠪᠠᠶᠢᠴᠠᠭᠠᠬᠤ ᠥᠷᠲᠡᠭᠡ ᠨᠢᠭᠡ ᠯᠡ ᠳᠡᠭᠡᠷ᠎ᠡ ᠪᠥᠬᠦ ᠣᠷᠣᠨ ᠤ ᠤᠶᠤᠨᠴᠢ ᠬᠡᠯᠪᠡᠷᠢ ᠶᠢᠨ ᠬᠢᠯᠢ ᠶᠢᠨ ᠪᠠᠶᠢᠴᠠᠭᠠᠬᠤ | ᠥᠷᠲᠡᠭᠡ ᠶᠢᠨ ᠥᠯᠢᠭᠡᠷ ᠳᠠᠭᠤᠷᠢᠶᠠᠯᠳᠦ ᠨᠢᠭᠡᠴᠢ ᠪᠣᠯᠪᠠ᠃ 20 ᠲᠡᠭᠰᠢ ᠳᠥᠷᠪᠡᠯᠵᠢᠨ ᠮᠧᠲᠷ ᠤᠨ ᠬᠠᠷᠠᠭᠤᠯ ᠤᠨ | ᠭᠠᠵᠠᠷ ᠨᠢ ᠥᠪᠡᠷᠲᠡᠭᠡᠨ ᠵᠠᠰᠠᠬᠤ ᠣᠷᠣᠨ ᠤ ᠣᠶᠤᠨᠴᠢ ᠬᠢᠯᠢ ᠶᠢᠨ ᠪᠠᠶᠢᠴᠠᠭᠠᠯᠲᠠ ᠶᠢᠨ ᠵᠢᠱᠢᠶ᠎ᠡ ᠦᠵᠡᠭᠦᠯᠬᠦ ᠴᠡᠭ | ᠪᠣᠯᠵᠤ᠂ 6000 ᠲᠡᠭᠰᠢ ᠳᠥᠷᠪᠡᠯᠵᠢᠨ ᠮᠧᠲᠷ ᠤᠨ ᠣᠶᠤᠨᠴᠢ ᠪᠠᠶᠢᠴᠠᠭᠠᠨ ᠰᠢᠯᠭᠠᠬᠤ ᠣᠷᠣᠨ ᠳᠤ ᠵᠢᠯᠣᠭᠤᠴᠢ | ᠥᠬᠡᠶ ᠨᠢᠰᠭᠡᠯ ᠶᠠᠭ ᠬᠢᠯᠢ ᠶᠢᠨ ᠱᠤᠭᠤᠮ ᠳᠡᠭᠡᠷ᠎ᠡ ᠲᠣᠭᠤᠷᠢᠨ ᠴᠠᠭᠳᠠᠵᠤ ᠪᠠᠶᠢᠨ᠎ᠠ᠃ | ᠺᠠᠨᠭ᠌ ᠶᠦᠡᠭ ᠯᠢ ᠨᠠᠢᠮᠠᠨ ᠵᠢᠯ ᠤᠨ ᠬᠤᠭᠤᠴᠠᠭ᠎ᠠ ᠶᠢ ᠭᠡᠷᠡᠭᠰᠡᠵᠦ ᠪᠠᠶᠢᠴᠠᠭᠠᠬᠤ ᠥᠷᠲᠡᠭᠡ ᠶᠢᠨ ︽ | ᠣᠶᠤᠨᠴᠢᠯᠠᠭᠰᠠᠨ ᠥᠭᠡᠷᠡᠴᠢᠯᠡᠯᠲᠡ︾ ᠶᠢ ᠪᠡᠶᠡᠯᠡᠭᠦᠯᠵᠦ᠂ ᠭᠠᠷ ᠢᠶᠠᠷ ᠳᠠᠩᠰᠠᠯᠠᠬᠤ ᠠᠴᠠ ︽1314︾ ᠣᠶᠤᠨᠴᠢ | ᠦᠢᠯᠡᠴᠢᠯᠡᠭᠡᠨ ᠤ ᠲᠣᠭᠲᠠᠴᠠ ᠬᠦᠷᠳᠡᠯ᠎ᠡ᠂ ᠬᠦᠮᠦᠨ ᠤ ᠬᠦᠴᠦ ᠪᠠᠷ ᠢᠯᠭᠠᠨ ᠲᠠᠨᠢᠬᠤ ᠠᠴᠠ ᠲᠣᠮᠣ ᠳ᠋ᠠᠶᠢᠲ᠋ᠠ ᠶᠢᠨ | ᠤᠷᠢᠳᠴᠢᠯᠠᠨ ᠰᠡᠷᠡᠮᠵᠢᠯᠡᠭᠦᠯᠬᠦ ᠲᠠᠪᠴᠠᠩ ᠢ ᠪᠠᠶᠢᠭᠤᠯᠬᠤ ᠬᠦᠷᠳᠡᠯ᠎ᠡ᠂ ᠡᠳᠦᠷ ᠲᠤ 200 ᠭᠠᠷᠤᠶ ᠲᠡᠷᠭᠡ ᠬᠥᠰᠭᠡ ᠶᠢ | ᠥᠨᠳᠥᠷ ᠪᠦᠲᠦᠮᠵᠢᠲᠡᠶ ᠪᠠᠷ ᠪᠠᠶᠢᠴᠠᠭᠠᠨ ᠰᠢᠯᠭᠠᠬᠤ ᠶᠢ ᠪᠡᠶᠡᠯᠡᠬᠦᠯᠦᠭᠰᠡᠨ ᠪᠠᠶᠢᠨ᠎ᠠ᠃ | ᠴᠠᠬᠳᠠᠭᠠᠨ ᠤ ᠠᠵᠢᠯ ᠳᠤ ᠭᠠᠷᠤᠬᠰᠠᠨ 5800 ᠭᠠᠷᠤᠶ ᠡᠳᠦᠷ ᠬᠤᠨᠤᠬ ᠲᠤ᠂ ᠺᠠᠩ ᠶᠦᠩ ᠯᠢ ᠬᠠᠮᠳᠦ | ᠠᠵᠢᠯᠠᠬᠰᠠᠳ ᠲᠠᠢ ᠪᠠᠨ ᠬᠠᠮᠳᠦ ᠡᠳᠦᠷ ᠪᠦᠷᠢ 14 ᠴᠠᠭ ᠠᠵᠢᠯᠯᠠᠵᠤ᠂ ᠨᠡᠶᠢᠲᠡ 50 ᠲᠦᠮᠡᠨ ᠲᠡᠷᠭᠡ᠂ 200 | ᠲᠦᠮᠡᠨ ᠬᠥᠮᠦᠨ ᠢ ᠪᠠᠶᠢᠴᠠᠭᠠᠨ ᠰᠢᠯᠭᠠᠪᠠ᠃ ᠰᠦᠯᠵᠢᠶᠡᠨ ᠳᠡᠭᠡᠷᠡᠬᠢ ᠤᠷᠤᠭᠤᠳᠤᠤᠯ ᠭᠡᠷᠡᠭ ᠤᠨ ᠰᠡᠵᠢᠭᠳᠡᠨ ᠢ | ᠨᠡᠶᠢᠲᠡ 27 ᠪᠠᠷᠢᠪᠴᠢᠯᠠᠵᠤ᠂ ᠵᠠᠬᠢᠷᠤᠨ ᠬᠠᠮᠢᠶᠠᠷᠬᠤ ᠪᠠᠭᠠᠵᠢ ᠬᠡᠷᠡᠭᠰᠡᠯ ᠢ 1500 ᠭᠠᠷᠤᠶ ᠪᠠᠶᠢᠴᠠᠭᠠᠨ ᠣᠯᠵᠤ᠂ | ᠤᠯᠤᠰ ᠤᠨ ᠬᠢᠯᠢ ᠶᠢ ᠬᠤᠯᠠᠭᠠᠶᠢᠴᠢ ᠪᠠᠷ ᠳᠠᠪᠠᠭᠰᠠᠨ ᠬᠡᠷᠡᠭ ᠢ 2 ᠤᠳᠠᠭ᠎ᠠ ᠢᠯᠡᠷᠡᠬᠦᠯᠤᠨ ᠰᠶᠢᠳᠪᠦᠷᠢᠯᠡᠪᠡ᠃ ᠡᠨᠡ | ᠬᠡᠳᠦᠨ ᠵᠢᠯ᠂ ᠲᠡᠷᠡ ᠨᠡᠶᠢᠳᠡ 457 ᠤᠯᠠᠨ ᠲᠦᠮᠡᠨ ᠳᠤ ᠦᠢᠯᠡᠴᠢᠯᠡᠵᠦ᠂ ᠤᠯᠠᠨ ᠲᠦᠮᠡᠨ ᠢ ᠬᠠᠪᠰᠤᠷᠤᠨ 150 | ᠭᠠᠷᠤᠢ ᠶᠠᠪᠤᠳᠠᠯ ᠢ ᠰᠠᠶᠢᠲᠤᠷ ᠰᠶᠢᠳᠪᠦᠷᠢᠯᠡᠨ ᠦᠭᠴᠦ᠂ ᠪᠣᠳᠠᠲᠠᠢ ᠠᠵᠢᠯ ᠢᠶᠠᠷ ᠨᠠᠮ ᠤᠨ ᠤᠯᠠᠨ ᠲᠦᠮᠡᠨᠴᠢ | ᠱᠤᠭᠤᠮ ᠢ ᠦᠢᠯᠡᠳᠦᠯᠭᠡᠵᠢᠭᠦᠯᠵᠦ᠂ ᠤᠯᠠᠨ ᠲᠦᠮᠡᠨ ᠤ ᠳᠡᠭᠡᠳᠦ ᠬᠡᠮᠵᠢᠶᠡᠨ ᠤ ᠮᠠᠭᠲᠠᠭᠠᠯ ᠰᠠᠶᠢᠰᠢᠶᠠᠯ ᠢ ᠤᠯᠪᠠ᠃ | ᠺᠠᠩ ᠶᠦᠩ ᠯᠢ ᠢᠮᠠᠭᠲᠠ ᠥᠪᠡᠷ ᠤᠨ ᠪᠡᠶ᠎ᠡ ᠳᠡᠭᠡᠨ ᠥᠨᠳᠥᠷ ᠪᠠᠷᠢᠮᠵᠢᠶ᠎ᠠ᠂ ᠴᠢᠩᠭ᠎ᠠ ᠱᠠᠭᠠᠷᠳᠠᠯᠭ᠎ᠠ | ᠲᠠᠯᠪᠢᠵᠤ᠂ ᠬᠡᠬᠦᠳᠡᠭ ᠳᠦᠭᠦᠷᠡᠩ ᠬᠠᠯᠠᠭᠤᠨ ᠴᠢᠰᠤ ᠪᠠ ᠦᠨᠡᠨᠴᠢ ᠰᠢᠳᠤᠷᠭᠤ ᠤᠤᠷ ᠴᠢᠨᠠᠷ ᠢᠶᠠᠷ ᠢᠶᠠᠨ ᠬᠢᠩᠭᠠᠨ | ᠠᠶᠢᠮᠠᠭ ᠤᠨ ︽ᠤᠮᠠᠷᠠᠲᠤ ᠶᠡᠭᠡ ᠬᠠᠭᠠᠯᠭ᠎ᠠ︾ ᠶᠢᠨ ᠰᠡᠷᠭᠡᠶᠢᠯᠡᠯᠲᠡ ᠶᠢᠨ ᠱᠤᠭᠤᠮ ᠢ ᠪᠠᠲᠤ ᠰᠠᠬᠢᠵᠤ᠂ ᠡᠬᠡ | ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ ᠳᠤ ᠥᠪᠡᠷ ᠤᠨ | ᠬᠦᠴᠦᠨ ᠴᠢᠳᠠᠯ ᠢᠶᠠᠨ ᠡᠷᠭᠦᠵᠦ ᠪᠤᠢ᠃ · ᠬᠣ᠋ ᡁᠢ ᠮᠢᠨ ᠶᠢᠨ ᠴᠢᠤᠸᠠᠨ ᠰᠢ · |