ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠺᠠᠳ᠋ᠷᠴᠤᠳ ᠤᠨ ᠶᠡᠭᠡ ᠬᠤᠷᠠᠯ ᠬᠤᠷᠠᠯᠳᠤᠭᠤᠯᠵᠤ ᠣᠳᠣᠬᠠᠨ ᠤ ᠭᠤᠤᠯᠳᠠᠯᠭ᠎ᠠ ᠲᠠᠢ ᠠᠵᠢᠯ ᠢᠶᠠᠨ ᠪᠠᠶᠢᠷᠢᠯᠠᠭᠤᠯᠵᠠᠢ
ᠨᠡᠶᠢᠲᠡᠯᠡᠭᠰᠡᠨ ᠴᠠᠭ᠄
2025/5/8
   5 ᠰᠠᠷ᠎ᠠ ᠶᠢᠨ 7 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠺᠠᠳ᠋ᠷᠴᠤᠳ ᠤᠨ ᠶᠡᠭᠡ ᠬᠤᠷᠠᠯ ᠬᠤᠷᠠᠯᠳᠤᠭᠤᠯᠵᠤ᠂ ᠠᠯᠢ ᠤᠯᠠᠨ ᠭᠤᠣᠯᠳᠠᠯᠭ᠎ᠠ ᠲᠠᠢ ᠠᠵᠢᠯ ᠤᠨ ᠪᠠᠶᠢᠷᠢᠯᠠᠭᠤᠯᠤᠯᠲᠠ ᠶᠢ ᠲᠡᠰ ᠳᠠᠷᠠᠭᠠᠯᠠᠨ ᠨᠠᠶᠢᠳᠠᠪᠤᠷᠢᠵᠢᠭᠤᠯᠵᠠᠢ᠃ ᠬᠢᠩᠭᠠᠨ ᠠᠶᠢᠮᠠᠭ ᠤᠨ ᠵᠠᠬᠢᠷᠭ᠎ᠠ ᠶᠢᠨ ᠳᠡᠳ᠋ ᠳᠠᠷᠤᠭ᠎ᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤ᠋ ᠲᠤᠤ᠂ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠯᠢᠦ ᠬᠠᠶ ᠲᠤᠤ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠸᠠᠩ ᠵᠢᠶᠠ ᠪᠥᠸᠧ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠶᠤᠸᠠᠢ ᠰᠥᠩ ᠱᠠᠨ ᠵᠢᠴᠢ ᠳᠡᠳ᠋ ᠭᠠᠵᠠᠷ ᠤᠨ ᠲᠠᠰ ᠠᠴᠠ ᠳᠡᠭᠡᠭᠰᠢᠬᠢ ᠪᠤᠰᠤᠳ ᠤᠳᠤᠷᠢᠳᠤᠯᠭ᠎ᠠ ᠨᠠᠷ ᠬᠤᠷᠠᠯ ᠳᠤ ᠣᠷᠣᠯᠴᠠᠵᠠᠶ᠃ ᠬᠤᠰᠢᠭᠤᠨ ᠤ ᠡᠯ᠎ᠡ ᠰᠢᠭᠤᠳ ᠬᠠᠷᠢᠶ᠎ᠠ ᠰᠠᠯᠠᠭ᠎ᠠ ᠮᠥᠴᠢᠷ᠂ ᠰᠤᠮᠤ ᠰᠢᠶᠠᠩ ᠪᠠᠯᠭᠠᠰᠤᠨ ᠤ ᠬᠠᠷᠢᠭᠤᠴᠠᠯᠭᠠᠲᠠᠳ ᠬᠤᠷᠠᠯ ᠳᠤ ᠣᠷᠣᠯᠴᠠᠪᠠ᠃    ᠪᠥᠬᠦ ᠬᠤᠰᠢᠭᠤᠨ ᠤ ᠭᠤᠤᠯᠳᠠᠯᠭ᠎ᠠ ᠲᠠᠢ ᠠᠵᠢᠯ ᠢ ᠰᠠᠶᠢᠲᠤᠷ ᠬᠢᠬᠦ ᠲᠤᠬᠠᠶ ᠰᠦᠨ ᠱᠤ᠋ ᠲᠤᠤ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠪᠠᠶᠢᠳᠠᠯ ᠢ ᠵᠠᠳᠠᠯᠵᠤ᠂ ᠬᠥᠭᠵᠢᠯᠲᠡ ᠶᠢᠨ ᠢᠲᠡᠭᠡᠯ ᠵᠣᠷᠢᠭ ᠢᠶᠠᠨ ᠪᠠᠲᠤᠳᠬᠠᠨ᠂ ᠬᠥᠭᠵᠢᠯᠲᠡ ᠶᠢᠨ ᠲᠤᠯᠭᠠᠮ᠎ᠠ ᠰᠡᠳᠬᠢᠯᠭᠡ ᠪᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠠᠰᠠᠭᠤᠳᠠᠯ᠂ ᠬᠠᠷᠠᠯᠲᠠ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠬᠥᠭᠵᠢᠯᠲᠡ ᠶᠢᠨ ᠪᠤᠭᠤᠮᠳᠠ ᠰᠢᠪᠳᠤᠯᠤᠯᠳᠠ ᠶᠢ ᠨᠠᠩ ᠶᠡᠭᠡ ᠡᠷᠴᠢᠮ ᠢᠶᠠᠷ ᠰᠢᠢᠳᠪᠤᠷᠢᠯᠡᠬᠦ ᠬᠡᠷᠡᠭᠲᠡᠶ᠃ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠠᠬᠢᠭᠤᠯᠵᠤ᠂ ᠠᠷᠠᠯᠵᠢᠶᠠᠴᠢᠨ ᠤᠷᠢᠵᠤ ᠪᠡᠯᠡ ᠮᠦᠩᠭᠦ ᠤᠷᠤᠭᠤᠯᠤᠨ ᠠᠪᠴᠢᠷᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠠᠵᠤ ᠦᠢᠯᠡᠳᠪᠦᠷᠢ ᠶᠢᠨ ᠠᠵᠤ ᠠᠬᠤᠢ ᠶᠢᠨ ᠠᠵᠢᠯᠯᠠᠭᠠᠨ ᠤ ᠲᠤᠬᠢᠷᠠᠭᠤᠯᠤᠯᠳᠠ ᠶᠢ ᠴᠢᠩᠭᠠᠳᠬᠠᠨ᠂ ᠮᠠᠯ ᠠᠵᠤ ᠠᠬᠤᠢ ᠲᠠᠷᠢᠶᠠᠯᠠᠩ ᠤᠨ ᠦᠢᠯᠡᠳᠪᠦᠷᠢᠯᠡᠯ ᠤᠨ ᠲᠣᠭᠲᠠᠭᠤᠨ ᠭᠠᠷᠤᠯᠲᠠ᠂ ᠦᠷᠭᠦᠯᠵᠢᠯᠡᠨ ᠪᠣᠭᠤᠮᠲᠠ ᠰᠢᠪᠲᠤᠯᠬᠤ ᠠᠮᠢ ᠠᠬᠤᠢ ᠶᠢᠨ ᠪᠦᠳᠦᠭᠡᠨ ᠪᠠᠶᠢᠭᠤᠯᠤᠯᠲᠠ ᠶᠢ ᠪᠠᠲᠤᠯᠠᠵᠤ᠂ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢ ᠠᠬᠢᠭᠤᠯᠤᠨ᠂ ᠬᠡᠷᠡᠭᠯᠡᠭᠡᠨ ᠤ ᠠᠮᠢᠵᠢᠷᠠᠯ ᠤᠨ ᠬᠦᠴᠦᠨ ᠢ ᠦᠷᠭᠦᠯᠵᠢᠯᠡᠨ ᠪᠠᠳᠠᠷᠠᠭᠤᠯᠵᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠪᠦᠬᠦ ᠬᠦᠴᠦᠨ ᠢᠶᠠᠷ ᠴᠢᠩᠭᠠᠳᠬᠠᠨ᠂ ᠡᠯ᠎ᠡ ᠵᠦᠢᠯ ᠤᠨ ᠴᠡᠭᠴᠡᠯᠡᠨ ᠰᠠᠶᠢᠵᠢᠷᠠᠭᠤᠯᠬᠤ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠬᠦ ᠬᠡᠷᠡᠭᠲᠡᠢ᠃ ᠪᠥᠬᠦ ᠬᠤᠰᠢᠭᠤᠨ ᠤ ᠳᠡᠭᠡᠳᠦ ᠳᠣᠤᠷᠠᠳᠤ ᠱᠠᠲᠤᠨ ᠤ ᠬᠢᠨ ︽ᠨᠢᠭᠡ ᠬᠥᠯᠭᠡ ᠰᠢᠲᠠᠷ᠎ᠠ︾ ᠶᠢᠨ ᠦᠵᠡᠯ ᠰᠠᠨᠠᠭ᠎ᠠ ᠶᠢ ᠪᠠᠲᠤ ᠪᠠᠬᠢ ᠪᠣᠶ ᠪᠣᠯᠭᠠᠵᠤ᠂ ᠴᠢᠩᠭ᠎ᠠ ᠠᠳᠬᠤᠨ ᠲᠦᠷᠭᠡᠨ ᠠᠵᠢᠯᠯᠠᠬᠤ ᠪᠠᠶᠢᠳᠠᠯ ᠢᠶᠠᠨ ᠪᠠᠲᠤᠯᠠᠨ᠂ ᠠᠵᠢᠯ ᠤᠨ ᠰᠤᠷᠲᠠᠯ ᠢᠶᠠᠨ ᠤᠯᠠᠮ ᠨᠢᠭᠡ ᠠᠯᠬᠤᠮ ᠬᠤᠪᠢᠷᠠᠭᠤᠯᠵᠤ᠂ ᠰᠢᠨ᠎ᠡ ᠰᠤᠷᠲᠠᠯ ᠢ ᠪᠣᠶ ᠪᠣᠯᠭᠠᠨ᠂ ᠡᠴᠦᠰ ᠲᠤᠨᠢ ᠲᠤᠯᠲᠠᠯ᠎ᠠ ᠠᠳᠬᠤᠬᠤ ᠤᠶᠠᠨ ᠬᠠᠲᠠᠨ ᠴᠢᠨᠠᠷ ᠢᠶᠠᠨ ᠴᠢᠩᠭᠠᠳᠬᠠᠵᠤ᠂ ᠪᠠᠶᠢᠷᠢᠯᠠᠭᠤᠯᠤᠯᠲᠠ ᠪᠠᠨ ᠠᠵᠢᠯᠯᠠᠭ᠎ᠠ ᠪᠣᠯᠭᠠᠨ ᠂ ᠰᠠᠨᠠᠯ ᠪᠣᠳᠣᠯ ᠢᠶᠠᠨ ᠠᠷᠭ᠎ᠠ ᠪᠤᠳᠤᠯ ᠪᠣᠯᠭᠠᠨ᠂ ᠪᠠᠷᠢᠯᠭ᠎ᠠ ᠶᠢᠨ ᠵᠢᠷᠤᠭ ᠢᠶᠠᠨ ᠪᠣᠳᠠᠲᠤ ᠦᠵᠡᠮᠵᠢ ᠶᠢᠨ ᠵᠢᠷᠤᠭ ᠪᠣᠯᠭᠠᠨ ᠬᠤᠪᠢᠷᠠᠭᠤᠯᠵᠤ᠂ ᠪᠥᠬᠦ ᠬᠤᠰᠢᠭᠤᠨ ᠤ ᠡᠯ᠎ᠡ ᠵᠦᠢᠯ ᠤᠨ ᠠᠵᠢᠯ ᠢᠶᠠᠨ ᠬᠠᠮᠤᠭ ᠤᠨ ᠶᠡᠭᠡ ᠰᠢᠪᠲᠤᠯᠤᠯᠲᠠ ᠲᠠᠢ ᠪᠣᠯᠭᠠᠵᠤ᠂ ᠬᠠᠮᠤᠭ ᠤᠨ ᠰᠠᠶᠢᠨ ᠦᠷ᠎ᠡ ᠳ᠋ᠦᠩ ᠤᠯᠬᠤ ᠪᠠᠷ ᠴᠢᠷᠮᠠᠶᠢᠬᠤ ᠬᠡᠷᠡᠭᠲᠡᠶ ᠭᠡᠵᠡᠢ᠃    ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠯᠢᠦ ᠬᠠᠶ ᠲᠤᠤ ᠬᠤᠷᠠᠯ ᠢ ᠡᠷᠭᠢᠯᠡᠵᠦ᠂ ᠪᠥᠬᠦ ᠬᠤᠰᠢᠭᠤᠨ ᠤ ᠳᠡᠭᠡᠳᠦ ᠳᠣᠤᠷᠠᠳᠤ ᠱᠠᠲᠤ ᠪᠠᠷ ᠢᠶᠠᠨ ᠳᠠᠷᠤᠶ ᠲᠦᠷᠭᠡᠨ ᠬᠥᠳᠡᠯᠦᠯᠴᠡᠵᠦ᠂ ᠦᠨᠡᠨ ᠬᠦ ᠠᠳᠬᠤᠨ ᠪᠣᠳᠠᠲᠠᠶ ᠠᠵᠢᠯᠯᠠᠵᠤ᠂ ᠬᠤᠰᠢᠭᠤᠨ ᠤ ᠨᠠᠮ ᠤᠨ ᠬᠤᠷᠢᠶᠠᠨ ᠤ ᠳᠣᠭᠢᠷᠠᠭᠤᠯᠤᠨ ᠪᠠᠶᠢᠷᠢᠯᠠᠭᠤᠯᠤᠭᠰᠠᠨ ᠡᠯ᠎ᠡ ᠵᠦᠢᠯ ᠤᠨ ᠠᠵᠢᠯ ᠢ ᠰᠠᠶᠢᠲᠤᠷ ᠠᠬᠢᠭᠤᠯᠬᠤ ᠬᠡᠷᠡᠭᠲᠡᠶ᠃ ᠭᠤᠤᠯᠳᠠᠯᠭ᠎ᠠ ᠲᠠᠢ ᠭᠦᠢᠴᠡᠳᠭᠡᠯ ᠲᠤᠭ᠎ᠠ᠂ ᠭᠤᠤᠯᠳᠠᠯᠭ᠎ᠠ ᠲᠠᠢ ᠲᠥᠷᠥᠯ ᠵᠦᠢᠯ᠂ ᠴᠢᠬᠤᠯᠠ ᠠᠵᠢᠯ᠂ ᠴᠢᠬᠤᠯᠠ ᠴᠡᠭᠴᠡᠯᠡᠨ ᠰᠠᠶᠢᠵᠢᠷᠠᠭᠤᠯᠤᠯᠲᠠ ᠶᠢ ᠴᠢᠩᠭᠠᠳᠬᠠᠵᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠡᠯ᠎ᠡ ᠵᠦᠢᠯ ᠤᠨ ᠠᠵᠢᠯ ᠤᠨ ᠦᠷᠭᠦᠯᠵᠢᠯᠡᠨ ᠡᠮᠦᠨ᠎ᠡ ᠨᠢ ᠬᠤᠰᠢᠭᠤᠷᠠᠵᠤ᠂ ᠳᠠᠭᠤᠷᠢᠶᠠᠯ ᠦᠵᠡᠬᠦᠯᠬᠦ ᠶᠢ ᠠᠬᠢᠭᠤᠯᠬᠤ ᠬᠡᠷᠡᠭᠲᠡᠶ ᠭᠡᠵᠦ ᠱᠠᠭᠠᠷᠳᠠᠪᠠ᠃    ᠬᠤᠷᠠᠯ ᠠᠴᠠ ᠪᠠᠰᠠ ᠵᠠᠬᠢᠳᠠᠯ ᠰᠤᠷᠪᠤᠯᠵᠢᠯᠠᠯ ᠤᠨ ᠲᠣᠭᠲᠠᠭᠤᠨ ᠢ ᠬᠠᠮᠠᠭᠠᠯᠠᠬᠤ᠂ ᠠᠮᠢᠨ ᠬᠡᠷᠡᠭ ᠢ ᠰᠡᠷᠭᠡᠶᠢᠯᠡᠨ ᠡᠵᠡᠮᠳᠡᠬᠦ᠂ ᠤᠢ ᠰᠢᠭᠤᠢ ᠨᠤᠳᠤᠭ ᠪᠡᠯᠴᠢᠭᠡᠷ ᠢ ᠴᠡᠭᠴᠡᠯᠡᠨ ᠵᠠᠰᠠᠬᠤ᠂ ᠠᠵᠤ ᠠᠬᠤᠢ ᠶᠢᠨ ᠭᠦᠢᠴᠡᠳᠬᠡᠯ ᠲᠤᠭ᠎ᠠ ᠵᠢᠴᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠦᠷᠢᠶᠡᠨ ᠳᠠᠬᠢ ᠭᠤᠣᠯᠳᠠᠯᠭ᠎ᠠ ᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠬᠤ ᠶᠢᠨ ᠬᠠᠮᠲᠤ ︽ᠺᠠᠳ᠋ᠷᠴᠤᠳ ᠤᠨ ᠰᠡᠳᠬᠢᠴᠡ ᠶᠢᠨ ᠡᠷᠡᠭᠦᠯ ᠮᠡᠨᠳᠦ ᠶᠢ ᠬᠠᠯᠠᠮᠵᠢᠯᠠᠨ ᠬᠠᠶᠢᠷᠠᠯᠠᠬᠤ ᠰᠡᠳᠬᠢᠯ ᠤᠨ ᠦᠭᠡ ᠪᠠᠨ  ᠶᠠᠷᠢᠯᠴᠠᠬᠤ ᠲᠦᠷᠢᠮ ︵ᠲᠤᠷᠰᠢᠨ ᠬᠡᠷᠡᠭᠵᠢᠭᠦᠯᠬᠦ︶︾ ᠢ ᠲᠠᠶᠢᠯᠪᠤᠷᠢᠯᠠᠪᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号