ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠭᠤᠤᠯᠳᠠᠯᠭ᠎ᠠ ᠲᠠᠢ ᠲᠥᠷᠥᠯ ᠵᠦᠢᠯ ᠤᠨ ᠠᠵᠢᠯ ᠰᠡᠷᠭᠦᠭᠡᠬᠦ ᠲᠤᠬᠠᠶ ᠶᠢᠨ ᠲᠠᠯᠠᠪᠤᠷ ᠤᠨ ᠬᠤᠷᠠᠯ ᠬᠤᠷᠠᠯᠳᠤᠭᠤᠯᠵᠠᠢ
ᠨᠡᠶᠢᠲᠡᠯᠡᠭᠰᠡᠨ ᠴᠠᠭ᠄
2025/5/8
    5 ᠰᠠᠷ᠎ᠠ ᠶᠢᠨ 7 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠭᠤᠤᠯᠳᠠᠯᠭ᠎ᠠ ᠲᠠᠢ ᠲᠥᠷᠥᠯ ᠵᠦᠢᠯ ᠤᠨ ᠠᠵᠢᠯ ᠰᠡᠷᠭᠦᠭᠡᠬᠦ ᠲᠤᠬᠠᠶ ᠶᠢᠨ ᠲᠠᠯᠠᠪᠤᠷ ᠤᠨ ᠬᠤᠷᠠᠯ ᠬᠢᠵᠦ᠂ ᠬᠢᠩᠭᠠᠨ ᠠᠶᠢᠮᠠᠭ ᠤᠨ ᠵᠠᠬᠢᠷᠭ᠎ᠠ ᠶᠢᠨ ᠳᠡᠳ᠋ ᠳᠠᠷᠤᠭ᠎ᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤ᠋ ᠲᠤᠤ᠂ ᠬᠤᠰᠢᠭᠤᠨ ᠤ ᠤᠳᠤᠷᠢᠳᠤᠯᠭ᠎ᠠ ᠯᠢᠦ ᠬᠠᠶ ᠲᠤᠤ᠂ ᠸᠠᠩ ᠵᠢᠶᠠ ᠪᠥᠸᠧ᠂ ᠶᠤᠸᠠᠢ ᠰᠥᠩ ᠱᠠᠨ ᠵᠡᠷᠭᠡ ᠳᠥᠷᠪᠡᠨ ᠶᠡᠭᠡ ᠪᠠᠭ ᠤᠨ ᠤᠳᠤᠷᠢᠳᠤᠯᠭ᠎ᠠ᠂ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠡᠯ᠎ᠡ ᠰᠤᠮᠤ ᠰᠢᠶᠠᠩ ᠪᠠᠯᠭᠠᠰᠤᠨ ᠤ ᠬᠠᠷᠢᠭᠤᠴᠠᠯᠭᠠᠲᠠᠨ ᠲᠤᠬᠠᠶ ᠶᠢᠨ ᠲᠠᠯᠠᠪᠤᠷ ᠤᠨ ᠬᠤᠷᠠᠯ ᠳᠤ ᠣᠷᠣᠯᠴᠠᠵᠠᠶ᠃    ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠬᠦ ᠳᠡᠭᠡᠨ᠂ ᠬᠤᠷᠠᠯ ᠳᠤ ᠣᠷᠣᠯᠴᠠᠭᠰᠠᠳ ᠤᠷᠢᠳ ᠬᠤᠵᠢᠳ ᠮᠧᠶ ᠶᠤᠸᠠᠨ ᠵᠠᠮ᠂ ᠤᠯᠤᠰ ᠤᠨ ᠪᠣᠳᠠᠰ ᠤᠨ ᠲᠡᠮᠳᠡᠭ ᠤᠨ ᠲᠠᠪᠴᠠᠩ ︵ᠥᠪᠥᠷ ᠮᠣᠩᠭᠤᠯ︶ ᠵᠢᠴᠢ ᠵᠣᠬᠢᠶᠠᠮᠠᠯ ᠣᠶᠤᠨᠴᠢ ᠪᠤᠳᠤᠯᠭ᠎ᠠ ᠶᠢᠨ ᠲᠥᠪ᠂ ᠬᠤᠰᠢᠭᠤᠨ ᠤ ᠬᠢᠳᠡᠳ ᠮᠣᠩᠭᠤᠯ ᠡᠮᠨᠡᠯᠭᠡ ᠶᠢᠨ ᠬᠤᠷᠢᠶ᠎ᠠ᠂ ᠶᠢᠨ ᠪᠢᠨ ᠡᠮᠨᠡᠯᠭᠡ ᠰᠤᠪᠢᠯᠠᠯᠲᠠ ᠶᠢᠨ ᠲᠥᠪ᠂ ᠪᠣᠬᠢᠷ ᠤᠰᠤ ᠶᠢ ᠰᠢᠢᠳᠪᠤᠷᠢᠯᠡᠬᠦ ᠦᠢᠯᠡᠳᠪᠤᠷᠢ᠂ ᠢᠦᠶ ᠶᠤᠸᠠᠨ ᠰᠢᠤᠸᠠᠢ ᠹᠦ᠋ ᠪᠠᠭ᠎ᠠ ᠲᠣᠭᠤᠷᠢᠭ ᠵᠡᠷᠭᠡ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠤᠬᠠᠶ ᠶᠢᠨ ᠲᠠᠯᠠᠪᠠᠶ ᠪᠠᠷ ᠬᠦᠷᠴᠦ᠂ ᠪᠥᠬᠦ ᠬᠤᠰᠢᠭᠤᠨ ᠤ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶ᠎ᠡ ᠴᠠᠷᠠᠭ᠎ᠠ ᠶᠢ ᠦᠷᠭᠦᠯᠵᠢᠯᠡᠨ ᠪᠠᠶᠢᠭᠤᠯᠬᠤ ᠵᠢᠴᠢ ᠰᠢᠨ᠎ᠡ ᠪᠠᠷ ᠪᠠᠶᠢᠭᠤᠯᠬᠤ ᠲᠥᠷᠥᠯ ᠵᠦᠢᠯ᠂ ᠵᠦᠩ ᠺᠧ ᠪᠤᠳᠤᠯᠭ᠎ᠠ ᠶᠢᠨ ᠲᠥᠪ᠂ ︽ᠰᠢᠨ᠎ᠡ ᠵᠢᠷᠭᠤᠭᠠᠨ ᠪᠡᠭᠡᠵᠢᠩ︾᠂ ᠬᠢᠯᠢ ᠬᠢᠵᠠᠭᠠᠷ ᠣᠷᠣᠨ ᠤ ᠡᠮᠴᠢᠯᠡᠭᠡ ᠰᠤᠪᠢᠯᠠᠯᠲᠠ ᠶᠢᠨ ᠲᠥᠪ᠂ ᠪᠣᠬᠢᠷ ᠤᠰᠤ ᠶᠢ ᠰᠢᠢᠳᠪᠤᠷᠢᠯᠡᠬᠦ ᠦᠢᠯᠡᠳᠪᠤᠷᠢ ᠶᠢᠨ ᠠᠬᠢᠴᠠ ᠶᠢᠨ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠴᠠᠢ᠃    ᠰᠦᠨ ᠱᠤ᠋ ᠲᠤᠤ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠤᠢᠢᠯᠠᠭᠠᠭᠳᠠᠬᠤᠨ ᠢ ᠪᠠᠷᠢᠮᠲᠠᠯᠠᠵᠤ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ ᠠᠬᠢᠭᠤᠯᠵᠤ᠂ ᠰᠢᠯᠢᠳᠡᠭ ᠢᠨᠵᠧᠨᠧᠷᠢᠩ ᠢ ᠴᠣᠭᠴᠠᠯᠠᠬᠤ ᠬᠡᠷᠡᠭᠲᠡᠢ᠃ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠦᠢᠯᠡᠴᠢᠯᠡᠭᠡᠨ ᠤ ᠤᠬᠠᠮᠰᠠᠷ ᠪᠠ ᠵᠣᠬᠢᠴᠠᠭᠤᠯᠤᠨ ᠬᠠᠮᠵᠢᠯᠴᠠᠬᠤ ᠪᠠᠨ ᠴᠢᠩᠭᠠᠳᠬᠠᠵᠤ᠂ ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠲᠦᠭᠵᠢᠷᠡᠯ ᠢ ᠠᠷᠢᠯᠭᠠᠨ᠂ ᠬᠦᠴᠢᠷ ᠠᠰᠠᠭᠤᠳᠠᠯ ᠢ ᠰᠢᠢᠳᠪᠦᠷᠢᠯᠡᠵᠦ᠂ ᠲᠦᠷᠦᠯ ᠵᠦᠢᠯ ᠢ ᠡᠷᠲᠡᠬᠡᠨ ᠪᠠᠶᠢᠭᠤᠯᠵᠤ ᠠᠰᠢᠭᠯᠠᠯᠲᠠ ᠳᠤ ᠣᠷᠣᠭᠤᠯᠬᠤ ᠶᠢ ᠠᠬᠢᠭᠤᠯᠬᠤ ᠬᠡᠷᠡᠭᠲᠡᠢ᠃ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠴᠢᠩᠭ᠎ᠠ ᠡᠵᠡᠮᠳᠡᠵᠦ᠂ ᠶᠠᠰᠤ ᠴᠢᠨᠠᠷ ᠪᠠ ᠠᠮᠤᠷ ᠲᠦᠪᠰᠢᠨ ᠢ ᠪᠠᠲᠤᠯᠠᠭᠰᠠᠨ ᠤᠷᠢᠲᠠᠯ ᠳᠣᠣᠷ᠎ᠠ᠂ ᠪᠠᠷᠢᠯᠭ᠎ᠠ ᠶᠢᠨ ᠠᠬᠢᠴᠠ ᠶᠢ ᠲᠦᠷᠭᠡᠳᠬᠡᠵᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠬᠤᠷᠳᠤᠴᠠ ᠶᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠰᠠᠭᠤᠷᠢ ᠶᠢ ᠲᠠᠰᠤᠷᠠᠯᠳᠠ ᠦᠭᠡᠢ ᠪᠠᠲᠤᠳᠬᠠᠬᠤ ᠬᠡᠷᠡᠭᠲᠡᠢ ᠭᠡᠵᠡᠢ᠃    ᠣᠶᠢᠯᠠᠭᠠᠭᠰᠠᠨ ᠢᠶᠠᠷ᠂ ᠡᠨᠡ ᠵᠢᠯ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠠᠵᠤ ᠦᠢᠯᠡᠳᠪᠦᠷᠢ ᠶᠢᠨ ᠲᠥᠷᠥᠯ ᠵᠦᠢᠯ ᠢ 15 ᠡᠬᠢᠯᠡᠭᠦᠯᠦᠨ᠂ ᠣᠳᠣᠬᠠᠨ ᠳᠤ ᠨᠢᠭᠡᠨᠲᠡ ᠠᠵᠢᠯ ᠰᠡᠷᠭᠦᠭᠡᠭᠰᠡᠨ ᠲᠥᠷᠥᠯ ᠵᠦᠢᠯ 7 ᠪᠠᠶᠢᠨ᠎ᠠ᠂ ᠲᠣᠰ ᠲᠣᠰ ᠵᠦᠩ ᠺᠧ ᠴᠤᠤ ᠰᠤᠸᠠᠨ ᠪᠤᠳᠤᠯᠭ᠎ᠠ ᠶᠢᠨ ᠲᠥᠪ ᠤᠨ ᠲᠥᠷᠥᠯ ᠵᠦᠢᠯ᠂ ᠳ᠋ᠧ ᠺᠠᠩ ᠢᠳᠡᠭᠡᠨ ᠡᠳ᠋ᠰᠢᠭᠦᠯᠦᠨ ᠣᠶᠤᠨᠴᠢ ᠪᠠᠷ ᠦᠢᠯᠡᠳᠬᠦ ᠵᠢᠱᠢᠶ᠎ᠡ ᠦᠵᠡᠭᠦᠯᠬᠦ ᠲᠥᠷᠥᠯ ᠵᠦᠢᠯ᠂ ᠱᠦ ᠬᠠ ᠬᠠ ᠲᠥᠮᠥᠰᠥ ᠶᠢᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ᠂ ᠤᠯᠠᠮᠵᠢᠯᠠᠯᠲᠤ ᠴᠠᠭᠠᠨ ᠢᠳᠡᠭᠡᠨ ᠡᠳ᠋ᠰᠢᠭᠦᠯᠬᠦ ᠦᠢᠯᠡᠳᠪᠤᠷᠢ ᠶᠢᠨ ᠲᠠᠰᠤᠭ ᠤᠨ ᠲᠥᠷᠥᠯ ᠵᠦᠢᠯ᠂ ᠬᠤᠸᠠ  ᠸᠧ ᠹᠧᠩ ᠲᠠᠢ ᠮᠦᠬᠦ ᠶᠢᠨ ᠰᠢᠷᠬᠡᠭ ᠤᠨ ᠤᠭᠤᠷᠠᠭ ᠤᠨ ᠦᠢᠯᠡᠳᠪᠤᠷᠢᠯᠡᠯ ᠤᠨ ᠲᠥᠷᠥᠯ ᠵᠦᠢᠯ᠂ ᠱᠧᠩ ᠽᠧ ᠰᠢᠨ᠎ᠡ ᠬᠡᠯᠪᠡᠷᠢ ᠶᠢᠨ ᠪᠠᠷᠢᠯᠭ᠎ᠠ ᠶᠢᠨ ᠮᠠᠲ᠋ᠧᠷᠢᠶᠠᠯ ᠤᠨ ᠭᠠᠳᠠᠷ ᠬᠡᠷᠡᠮ ᠤᠨ ᠳᠤᠯᠠᠭᠠᠨ ᠢ ᠬᠠᠮᠠᠭᠠᠯᠠᠬᠤ ᠵᠠᠰᠠᠯ ᠴᠢᠮᠡᠭᠯᠡᠯ ᠤᠨ ᠨᠢᠭᠡ ᠴᠣᠭᠴᠠᠲᠤ ᠬᠠᠪᠲᠠᠰᠤ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠵᠢᠴᠢ ᠱᠦᠢ ᠹᠠ ᠠᠭᠠᠯᠢᠭ ᠠᠯᠢᠮ᠎ᠠ ᠶᠢ ᠨᠠᠷᠢᠯᠢᠭ ᠡᠳ᠋ᠰᠢᠭᠦᠯᠬᠦ ᠲᠥᠷᠥᠯ ᠵᠦᠢᠯ ᠪᠣᠯᠤᠨ᠎ᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号