| ᠡᠨᠡ ᠵᠢᠯ ᠤᠨ 4 ᠰᠠᠷ᠎ᠠ ᠶᠢᠨ 6 ᠤ ᠡᠳᠦᠷ ᠠᠴᠠ 5 ᠰᠠᠷ᠎ᠠ ᠶᠢᠨ 21 ᠤ ᠡᠳᠦᠷ ᠪᠣᠯᠲᠠᠯ᠎ᠠ᠂ ᠬᠤᠷᠴᠢᠨ | ᠪᠠᠷᠠᠭᠤᠨ ᠭᠠᠷᠤᠨ ᠡᠮᠦᠨᠡᠲᠦ ᠬᠤᠰᠢᠭᠤᠨ ᠤ ᠤᠯᠠᠭᠠᠨᠮᠤᠳᠤ ᠶᠢᠨ ᠲᠠᠯ᠎ᠠ ᠨᠤᠲᠤᠭ ᠲᠤ 46 ᠡᠳᠦᠷ ᠤᠨ | ᠪᠡᠯᠴᠢᠭᠡᠷᠯᠡᠭᠦᠯᠬᠦ ᠶᠢ ᠵᠣᠭᠰᠣᠭᠠᠬᠤ ᠠᠵᠢᠯᠯᠠᠭ᠎ᠠ ᠶᠠᠪᠤᠭᠳᠠᠭᠤᠯᠵᠠᠢ᠃ ᠡᠨᠡᠬᠦ ᠲᠦᠷ ᠴᠠᠭ ᠨᠠᠮ ᠬᠥᠮ ᠪᠣᠯᠤᠭᠰᠠᠨ | ᠮᠠᠯᠵᠢᠯ ᠤᠨ ᠲᠠᠯᠠᠪᠠᠢ ᠳᠤ᠂ ᠰᠦᠯᠵᠢᠶᠡᠨ ᠳᠡᠭᠡᠷ᠎ᠡ ᠦᠬᠡᠷ ᠬᠤᠨᠢᠨ ᠮᠢᠬ᠎ᠠ ᠪᠣᠷᠣᠯᠠᠭᠤᠯᠬᠤ ᠰᠢᠭᠤᠳ | ᠨᠡᠪᠲᠡᠷᠡᠭᠦᠯᠭᠡ ᠶᠢᠨ ᠲᠠᠰᠤᠯᠭ᠎ᠠ ᠠᠴᠠ ᠤᠯᠠᠮᠵᠢᠯᠠᠯᠲᠤ ᠵᠠᠰᠠᠭᠳᠤ ᠬᠠᠳᠬᠤᠮᠠᠯ ᠤᠨ ᠦᠢᠯᠡᠳᠬᠡᠯ ᠤᠨ ᠭᠠᠵᠠᠷ ᠬᠦᠷᠲᠡᠯ᠎ᠡ | ᠂ ᠳᠠᠬᠢᠭᠠᠳ ᠰᠦ ᠶᠢᠨ ᠦᠨᠦᠷ ᠬᠠᠩᠬᠤᠯᠤᠭᠰᠠᠨ ᠤᠯᠠᠮᠵᠢᠯᠠᠯᠲᠤ ᠴᠠᠭᠠᠨ ᠢᠳᠡᠭᠡᠨ ᠤ ᠦᠢᠯᠡᠳᠪᠦᠷᠢ ᠶᠢᠨ ᠲᠠᠰᠤᠭ | ᠬᠦᠷᠲᠡᠯ᠎ᠡ᠂ ᠮᠠᠯᠴᠢᠳ ᠤᠶᠤᠨ ᠤᠬᠠᠭᠠᠨ ᠪᠠ ᠠᠵᠢᠯᠴᠢ ᠬᠤᠶᠠᠷ ᠭᠠᠷ ᠲᠠᠭᠠᠨ ᠲᠦᠰᠢᠭᠯᠡᠨ ᠪᠡᠯᠴᠢᠭᠡᠷᠯᠡᠭᠦᠯᠬᠦ ᠶᠢ | ᠵᠣᠭᠰᠣᠭᠠᠬᠤ ︽ᠬᠤᠭᠤᠰᠣᠨ ᠬᠤᠭᠤᠴᠠᠭ᠎ᠠ︾ ᠶᠢ ᠣᠷᠣᠯᠭ᠎ᠠ ᠪᠠᠨ ᠨᠡᠮᠡᠭᠳᠡᠭᠦᠯᠬᠦ ︽ᠰᠢᠵᠢᠷ ᠠᠯᠳᠠᠨ ᠬᠤᠭᠤᠴᠠᠭ᠎ᠠ︾ | ᠪᠣᠯᠭᠠᠨ ᠬᠤᠪᠢᠷᠠᠭᠤᠯᠵᠤ᠂ ᠲᠠᠯ᠎ᠠ ᠨᠤᠲᠤᠭ ᠤᠨ ᠠᠮᠢ ᠠᠬᠤᠢ ᠶᠢ ᠬᠠᠮᠠᠭᠠᠯᠠᠬᠤ ᠶᠢᠨ ᠵᠡᠷᠭᠡᠪᠡᠷ ᠠᠷᠠᠳ ᠢ | ᠪᠠᠶᠠᠵᠢᠭᠤᠯᠬᠤ ᠠᠮᠢᠳᠤᠯᠢᠭ ᠰᠠᠶᠢᠬᠠᠨ ᠵᠢᠷᠤᠭ ᠲᠥᠰᠦᠪ ᠢ ᠲᠤᠭᠳᠠᠭᠠᠨ ᠭᠡᠷᠡᠭᠵᠢᠭᠦᠯᠵᠡᠢ᠃ | ᠥᠷᠯᠥᠭᠡ ᠡᠷᠲᠡ᠂ ᠲᠤᠬᠤᠮ ᠰᠤᠮᠤ ᠶᠢᠨ ᠤᠰᠤᠨ ᠡᠬᠢ ᠭᠠᠴᠠᠭᠠᠨ ᠤ ᠮᠠᠯᠵᠢᠯ ᠤᠨ ᠲᠠᠯᠠᠪᠠᠢ ᠳᠤ᠂ ᠨᠤᠮᠢᠨ᠂ | ᠰᠢᠭᠤᠳ ᠨᠡᠪᠲᠡᠷᠡᠭᠦᠯᠭᠡ ᠪᠠᠷ ᠲᠠᠮᠵᠢᠨ᠂ ᠰᠠᠶ᠋ᠢᠬᠠᠨ ᠬᠡᠰᠡᠭᠯᠡᠭᠰᠡᠨ ᠬᠠᠩᠭᠠᠢ ᠨᠤᠲᠤᠭ ᠤᠨ ᠲᠤᠬᠤᠮ ᠦᠬᠡᠷ ᠬᠤᠨᠢᠨ | ᠮᠢᠬ᠎ᠠ ᠪᠠᠨ ᠢᠯᠭᠤᠷ ᠲᠠᠢ ᠲᠠᠨᠢᠯᠴᠠᠭᠤᠯᠵᠤ ᠪᠠᠶᠢᠯ᠎ᠠ᠃ ᠬᠠᠯᠠᠭᠤᠮᠰᠤᠭ ᠦᠭᠡ ᠶᠠᠷᠢᠶ᠎ᠠ ᠪᠣᠯᠤᠨ ᠴᠢᠨᠠᠷ ᠰᠠᠶᠢᠲᠠᠢ | ᠪᠦᠲᠦᠭᠡᠭᠳᠡᠬᠦᠨ ᠨᠢ ᠰᠢᠭᠤᠳ ᠨᠡᠪᠲᠡᠷᠡᠭᠦᠯᠭᠡ ᠶᠢ ᠦᠷᠭᠦᠯᠵᠢᠯᠡᠨ ᠬᠥᠭᠵᠢᠶᠡᠨᠲᠡᠢ ᠪᠤᠯᠭᠠᠵᠤ᠂ 1000 ᠭᠠᠷᠤᠢ | ᠭᠡᠷᠡᠭᠯᠡᠭᠴᠢ ᠰᠦᠯᠵᠢᠶᠡᠨ ᠳᠡᠭᠡᠷ᠎ᠡ ᠲᠠᠯ᠎ᠠ ᠨᠤᠲᠤᠭ ᠤᠨ ᠦᠬᠡᠷ ᠬᠤᠨᠢᠨ ᠮᠢᠬ᠎ᠠ ᠶᠢ ᠪᠤᠯᠢᠶᠠᠯᠳᠤᠨ ᠬᠤᠳᠠᠯᠳᠤᠨ | ᠠᠪᠴᠠᠢ᠃ | ᠭᠤᠷᠪᠠᠨ ᠵᠢᠯ ᠤᠨ ᠡᠮᠦᠨᠡᠬᠢ ᠡᠨᠡ ᠤᠯᠠᠷᠢᠯ ᠳᠤ᠂ ᠨᠤᠮᠢᠨ᠂ ᠪᠡᠯᠴᠢᠭᠡᠷᠯᠡᠭᠦᠯᠬᠦ ᠶᠢ ᠵᠣᠭᠰᠣᠭᠠᠬᠤ | ᠬᠤᠭᠤᠴᠠᠭᠠᠨ ᠤ ᠣᠷᠣᠯᠭ᠎ᠠ ᠶᠢᠨ ᠢᠶᠠᠨ ᠲᠥᠯᠥᠭᠡ ᠰᠠᠨᠠᠭ᠎ᠠ ᠵᠣᠪᠠᠵᠤ ᠪᠠᠶᠢᠯ᠎ᠠ᠃ 2022 ᠣᠨ ᠳᠤ᠂ ᠲᠡᠷᠡ ︽ | ᠪᠤᠰᠢᠭᠤ ᠭᠠᠷ︾ ᠲᠠᠪᠴᠠᠩ ᠳᠡᠭᠡᠷ᠎ᠡ᠂ ᠠᠩᠬ᠎ᠠ ᠤᠳᠠᠭ᠎ᠠ ᠰᠢᠭᠤᠳ ᠨᠡᠪᠲᠡᠷᠡᠭᠦᠯᠭᠡ ᠬᠢᠵᠦ 5000 ᠲᠥᠭᠦᠷᠢᠭ ᠤᠨ | ᠪᠦᠲᠦᠭᠡᠭᠳᠡᠬᠦᠨ ᠢᠶᠠᠨ ᠪᠤᠷᠤᠯᠠᠭᠤᠯᠤᠭᠠᠳ᠂ ᠭᠠᠷ ᠤᠲᠠᠰᠤ ᠪᠣᠯ ᠳᠠᠷᠤᠢ ᠰᠢᠨ᠎ᠡ ᠴᠠᠭ ᠦᠶ᠎ᠡ ᠶᠢᠨ ᠮᠠᠶᠢᠮᠠᠢ ᠬᠢᠬᠦ | ᠰᠠᠶᠢᠨ ᠪᠠᠭᠠᠵᠢ ᠪᠤᠯᠬᠤ ᠶᠢ ᠤᠶᠢᠯᠠᠭᠠᠵᠠᠢ᠃ | ︽ᠥᠩᠭᠡᠷᠡᠭᠰᠡᠨ ᠳᠤ ᠪᠡᠯᠴᠢᠭᠡᠷᠯᠡᠭᠦᠯᠬᠦ ᠶᠢ ᠵᠣᠭᠰᠣᠭᠠᠬᠤ ᠬᠤᠭᠤᠴᠠᠭ᠎ᠠ ᠪᠣᠯ ᠵᠠᠷᠤᠯᠭ᠎ᠠ ᠶᠡᠬᠡᠳᠡᠢ ᠤᠯᠠᠷᠢᠯ | ᠪᠠᠶᠢᠭᠰᠠᠨ ᠠᠴᠠ ᠪᠠᠨ ᠣᠳᠣ ᠣᠷᠣᠯᠭ᠎ᠠ ᠤᠯᠬᠤ ᠤᠯᠠᠷᠢᠯ ᠪᠣᠯᠵᠠᠶ︾ ᠨᠤᠮᠢᠨ᠂ ᠰᠢᠭᠤᠳ ᠨᠡᠪᠲᠡᠷᠡᠭᠦᠯᠭᠡ ᠶᠢᠨ | ᠲᠠᠰᠤᠯᠭ᠎ᠠ ᠶᠢᠨ ᠠᠷᠤ ᠲᠠᠪᠴᠠᠩ ᠤᠨ ᠲᠤᠭ᠎ᠠ ᠪᠠᠷᠢᠮᠲᠠ ᠶᠢ ᠳᠡᠯᠭᠡᠨ ᠦᠵᠡᠭᠦᠯᠵᠡᠢ᠄ ᠥᠩᠭᠡᠷᠡᠭᠰᠡᠨ 2 ᠰᠠᠷ᠎ᠠ ᠳᠤ᠂ | ᠳᠡᠬᠦᠨ ᠤ ᠰᠢᠭᠤᠳ ᠨᠡᠪᠲᠡᠷᠡᠭᠦᠯᠭᠡ ᠪᠠᠷ ᠳᠠᠮᠵᠢᠨ ᠲᠤᠬᠤᠮ ᠦᠬᠡᠷ ᠬᠤᠨᠢᠨ ᠮᠢᠬᠠᠨ ᠤ ᠪᠦᠲᠦᠭᠡᠭᠳᠡᠬᠦᠨ ᠨᠡᠶᠢᠲᠡ 3 | ᠲᠦᠮᠡᠨ ᠬᠠᠭᠤᠳᠠᠰᠤ ᠵᠠᠬᠢᠶᠠᠯᠠᠭ᠎ᠠ ᠲᠤᠰᠴᠤ᠂ ᠪᠣᠷᠣᠯᠠᠭᠤᠯᠭ᠎ᠠ ᠶᠢᠨ ᠬᠡᠮᠵᠢᠶ᠎ᠡ ᠨᠢ 10 ᠲᠦᠮᠡᠨ ᠲᠥᠭᠦᠷᠢᠭ ᠢ | ᠳᠠᠪᠠᠵᠠᠢ᠃ | ᠮᠠᠨᠵᠦᠲ᠋ᠦ᠋ᠨ ᠲᠣᠰᠬᠤᠨ ᠤ ᠮᠠᠨᠵᠤ ᠦᠨᠳᠦᠰᠦᠲᠡᠨ ᠤ ᠰᠢᠶᠠᠩ ᠤᠨ ᠲᠦᠪᠭᠡᠷᠡᠯ ᠭᠠᠴᠠᠭ᠎ᠠ ᠶᠢᠨ ᠮᠠᠯᠴᠢᠨ ᠪᠠᠢ | ᠰᠠᠷᠠᠨ᠂ ᠪᠠᠭᠰᠢ ᠪᠦᠦ ᠴᠦᠨ ᠬᠤᠸᠠ ᠠᠴᠠ ᠪᠠᠨ ᠵᠠᠰᠠᠭᠳᠤ ᠬᠠᠳᠬᠤᠮᠠᠯ ᠰᠤᠷᠴᠤ ᠪᠠᠶᠢᠯ᠎ᠠ᠃ ᠨᠡᠷᠡᠨ ᠤ ᠭᠡᠷᠡᠯ | ᠴᠣᠩᠬᠤ ᠶᠢ ᠨᠡᠪᠲᠡᠯᠦᠨ᠂ ᠲᠡᠭᠦᠨ ᠤ ᠭᠠᠷ ᠲᠠᠬᠢ ᠠᠯᠲᠠᠨ ᠤᠲᠠᠰᠤ ᠰᠦᠯᠵᠢᠯᠳᠦᠭᠰᠡᠨ ᠳᠡᠷᠯᠢᠭ ᠳᠡᠭᠡᠷ᠎ᠡ ᠲᠤᠰᠴᠤ᠂ | ᠶᠠᠭ ᠯᠠ ᠨᠣᠮᠢᠨ ᠳᠣᠯᠭᠢᠶᠠᠨ ᠳᠣᠯᠭᠢᠶᠠᠯᠠᠭᠰᠠᠨ ᠶᠢᠰᠦᠨ ᠮᠤᠷᠤᠶ ᠤᠯᠠᠭᠠᠨ ᠭᠤᠣᠯ ᠮᠡᠲᠦ ᠬᠠᠷᠠᠭᠳᠠᠨ᠎ᠠ᠃ | ᠬᠤᠪᠢᠷᠠᠯᠲᠠ ᠨᠢ 2023 ᠣᠨ ᠤ ᠪᠡᠯᠴᠢᠭᠡᠷᠯᠡᠭᠦᠯᠬᠦ ᠶᠢ ᠵᠣᠭᠰᠣᠭᠠᠬᠤ ᠬᠤᠭᠤᠴᠠᠭᠠᠨ ᠠᠴᠠ ᠡᠬᠢᠯᠡᠭᠰᠡᠨ | ᠪᠥᠭᠡᠳ ᠲᠤᠬᠠᠶ ᠶᠢᠨ ᠦᠶ᠎ᠡ ᠳᠤ ᠪᠠᠶ ᠰᠠᠷᠠᠨ 400 ᠬᠤᠨᠢ ᠪᠠᠨ ᠰᠠᠬᠢᠵᠤ ᠪᠠᠶᠢᠭᠰᠠᠨ ᠤᠯᠠᠮᠵᠢᠯᠠᠯᠲᠤ ᠮᠠᠯᠴᠢᠨ | ᠡᠷᠦᠬᠡ ᠪᠠᠶᠢᠵᠠᠶ᠃ ᠪᠡᠯᠴᠢᠭᠡᠷ ᠲᠡᠭᠡᠨ ᠮᠠᠯ ᠬᠠᠷᠢᠭᠤᠯᠬᠤ ᠶᠢᠨ ᠠᠷᠭ᠎ᠠ ᠦᠭᠡᠢ ᠪᠣᠯᠬᠤᠷ᠂ ᠬᠠᠰᠢᠶᠠᠯᠠᠵᠤ ᠳᠡᠵᠢᠭᠡᠵᠦ | ᠪᠠᠶᠢᠭ᠎ᠠ ᠬᠤᠨᠢ ᠨᠢ ᠡᠳᠦᠷ ᠲᠤ 200 ᠵᠢᠩ ᠲᠡᠵᠢᠭᠡᠯ ᠪᠣᠷᠳᠤᠭ᠎ᠠ ᠪᠠ 800 ᠵᠢᠩ ᠯᠣᠬᠠᠱᠧᠩ ᠤᠨ ᠰᠤᠷᠠᠯ ᠢᠳᠡᠵᠦ | ᠂ ᠣᠷᠣᠯᠭ᠎ᠠ ᠨᠢ ᠵᠠᠷᠤᠯᠭ᠎ᠠ ᠳᠠᠭᠠᠨ ᠬᠦᠷᠬᠦ ᠦᠭᠡᠢ ᠪᠤᠯᠵᠠᠢ᠃ ᠳᠡᠷᠡ ᠦᠶᠡᠰ ᠶᠠᠭ ᠰᠠᠶ᠋ᠢᠬᠠᠨ ᠬᠤᠰᠢᠭᠤᠨ ᠤ | ᠰᠣᠶᠣᠯ ᠵᠢᠭᠤᠯᠴᠢᠯᠠᠯ ᠤᠨ ᠲᠣᠪᠴᠢᠶ᠎ᠠ ᠠᠴᠠ ᠵᠠᠰᠠᠭᠳᠤ ᠬᠠᠳᠬᠤᠮᠠᠯ ᠤᠨ ᠪᠣᠯᠪᠠᠰᠤᠷᠠᠯ ᠤᠨ ᠠᠩᠭᠢ ᠡᠷᠬᠢᠯᠡᠵᠦ᠂ | ᠲᠡᠭᠦᠨ ᠤ ᠤᠷᠮ᠎ᠠ ᠶᠢ ᠬᠥᠭᠵᠢᠭᠡᠵᠦ᠂ ᠤᠯᠠᠮᠵᠢᠯᠠᠯᠲᠤ ᠬᠠᠳᠬᠤᠮᠠᠯ ᠢ ᠰᠤᠷᠴᠤ ᠣᠷᠣᠯᠭ᠎ᠠ ᠪᠠᠨ ᠨᠡᠮᠡᠭᠳᠡᠭᠦᠯᠬᠦ ᠪᠠᠷ | ᠲᠡᠷᠡ ᠳᠠᠷᠤᠶ ᠳᠤᠨᠢ ᠨᠡᠷ᠎ᠡ ᠮᠡᠳᠡᠭᠦᠯᠵᠡᠢ᠃ ᠠᠩᠬ᠎ᠠ ᠰᠤᠷᠬᠤ ᠦᠶ᠎ᠡ ᠳᠤ ᠵᠡᠭᠦᠦ ᠪᠠᠨ ᠴᠦ ᠪᠠᠷᠢᠵᠤ ᠴᠢᠳᠠᠬᠤ ᠦᠭᠡᠢ | ᠪᠠᠶᠢᠭᠰᠠᠨ᠃ ︽ᠠᠷᠪᠠᠨ ᠵᠡᠭᠦᠦ ᠣᠶᠣᠪᠠᠯ ᠶᠢᠰᠦᠨ ᠵᠡᠭᠦᠦ ᠶᠢ ᠨᠢ ᠲᠠᠬᠢᠨ ᠵᠠᠳᠠᠯᠬᠤ︾ ᠡᠳᠦᠷ ᠤᠳ ᠲᠤ᠂ ᠪᠤᠳᠠᠰ | ᠤᠨ ᠪᠤᠰᠤ ᠰᠤᠶᠤᠯ ᠤᠨ ᠦᠪ ᠤᠨ ᠵᠠᠯᠭᠠᠮᠵᠢᠯᠠᠭᠴᠢ ᠪᠦᠦ ᠴᠦᠨ ᠬᠤᠸᠠ ᠶᠢᠨ ᠨᠢᠭᠡ ᠪᠠᠳᠠᠭ ᠦᠭᠡ ᠲᠡᠭᠦᠨ ᠢ | ᠰᠡᠬᠡᠭᠡᠷᠡᠭᠦᠯᠵᠦ᠄ ︽ᠵᠡᠭᠦᠦ ᠶᠢᠨ ᠦᠵᠦᠭᠦᠷ ᠢᠶᠠᠨ ᠠᠳᠤᠭᠤ ᠰᠢᠭ᠋ ᠪᠠᠶᠢᠬᠯᠭᠠᠬᠤ ᠬᠡᠷᠡᠭᠲᠡᠶ᠂ ᠬᠤᠷᠢᠶᠠᠬᠤ | ᠴᠢᠬᠤᠯᠠ ᠲᠠᠢ ᠦᠶ᠎ᠡ ᠳᠤ ᠬᠤᠷᠢᠶᠠᠵᠤ᠂ ᠲᠠᠯᠪᠢᠬᠤ ᠴᠢᠬᠤᠯᠠ ᠲᠠᠢ ᠦᠶ᠎ᠡ ᠳᠤ ᠲᠠᠯᠪᠢᠬᠤ ᠬᠡᠷᠡᠭᠲᠡᠶ ᠁︾ ᠭᠡᠵᠡᠶ | ᠃ ᠬᠤᠶᠠᠷ ᠰᠠᠷ᠎ᠠ ᠰᠢᠬᠠᠮ ᠪᠣᠯᠪᠠᠰᠤᠷᠠᠭᠰᠠᠨ ᠤ ᠳᠠᠷᠠᠭ᠎ᠠ᠂ ᠪᠠᠢ ᠰᠠᠷᠠᠨ ᠤ ᠠᠩᠬᠠᠨ ᠤ ᠪᠦᠳᠦᠭᠡᠯ — ᠵᠠᠰᠠᠭᠳᠤ | ᠬᠠᠭᠤᠴᠢᠨ ᠮᠠᠶ᠋ᠢᠭ ᠤᠨ ᠬᠠᠳᠬᠤᠮᠠᠯ ᠳᠡᠷᠡ ᠶᠢ ᠵᠢᠭᠤᠯᠴᠢᠯᠠᠭᠴᠢ 398 ᠲᠥᠭᠦᠷᠢᠭ ᠢᠶᠠᠷ ᠬᠤᠳᠠᠯᠳᠤᠨ ᠠᠪᠤᠪᠠ᠂ | ᠡᠨᠡ ᠨᠢ ᠲᠡᠭᠦᠨ ᠤ ᠢᠲᠡᠭᠡᠯ ᠢ ᠤᠯᠠᠮ ᠨᠡᠮᠡᠭᠳᠡᠭᠦᠯᠵᠡᠢ᠃ | ︽ᠣᠶᠣᠳᠠᠯ ᠤᠶᠤᠬᠤ ᠨᠢ ᠤᠷᠤᠯᠭ᠎ᠠ ᠪᠠᠨ ᠨᠡᠮᠡᠭᠳᠡᠬᠦᠯᠬᠦ ᠵᠠᠮ ᠪᠤᠯᠤᠯ᠎ᠠ︾ ᠪᠠᠶ ᠰᠠᠷᠠᠨ ᠵᠠᠬᠢᠶᠠᠯᠠᠭ᠎ᠠ ᠶᠢᠨ | ᠳᠡᠪᠲᠡᠷ ᠢᠶᠠᠨ ᠳᠡᠯᠭᠡᠨ ᠦᠵᠡᠭᠦᠯᠵᠦ᠂ ᠪᠡᠯᠴᠢᠭᠡᠷᠯᠡᠭᠦᠯᠬᠦ ᠶᠢ ᠵᠣᠭᠰᠣᠭᠠᠬᠤ ᠬᠤᠭᠤᠴᠠᠭᠠᠨ ᠳᠤ ᠲᠤᠰᠴᠤ ᠠᠪᠤᠭᠰᠠᠨ | ᠬᠠᠳᠬᠤᠮᠠᠯ ᠳᠡᠷᠡ᠂ ᠬᠠᠳᠬᠤᠮᠠᠯ ᠤᠤᠵᠢ᠂ ᠬᠠᠳᠬᠤᠮᠠᠯ ᠳᠠᠮᠠᠬᠢᠨ ᠤᠭᠤᠳᠠ᠂ ᠬᠠᠳᠬᠤᠮᠠᠯ ᠵᠣᠭᠤᠰᠣᠨ ᠴᠦᠩᠬᠦ | ᠵᠡᠷᠭᠡ ᠣᠯᠠᠨ ᠵᠠᠬᠢᠶᠠᠯᠠᠭ᠎ᠠ ᠶᠢᠨ ᠪᠦᠲᠦᠭᠡᠯ ᠨᠢ ᠪᠠᠷᠤᠭ ᠲᠦᠮᠡᠨ ᠲᠥᠭᠦᠷᠢᠭ ᠤᠨ ᠣᠷᠣᠯᠭ᠎ᠠ ᠤᠯᠤᠨ᠎ᠠ᠃ ᠨᠠᠩ | ᠪᠠᠶᠠᠷᠯᠠᠭᠤᠰᠢᠲᠠᠶ ᠶᠠᠪᠤᠳᠠᠯ ᠭᠡᠪᠡᠯ᠂ ᠭᠠᠴᠠᠭᠠᠨ ᠤ 10 ᠭᠠᠷᠤᠶ ᠡᠮᠡᠭᠲᠡᠶᠢᠴᠦᠳ ᠴᠦ ᠬᠠᠳᠬᠤᠮᠠᠯᠴᠢᠨ ᠤ | ᠡᠩᠨᠡᠭᠡᠨ ᠳᠤ ᠣᠷᠣᠬᠤ ᠶᠢ ᠬᠦᠰᠡᠵᠦ᠂ ᠤᠯᠠᠮᠵᠢᠯᠠᠯᠲᠤ ᠭᠠᠷ ᠤᠷᠠᠯᠠᠯ ᠨᠢ ᠰᠢᠨ᠎ᠡ ᠠᠮᠢᠵᠢᠷᠠᠯ ᠤᠨ ᠬᠦᠴᠦᠨ ᠢᠶᠠᠨ | ᠪᠠᠳᠠᠷᠠᠭᠤᠯᠵᠤ ᠪᠠᠶᠢᠨ᠎ᠠ᠃ | ᠤᠯᠠᠭᠠᠨᠮᠣᠳᠣ ᠰᠤᠮᠤᠨ ᠤ ᠤᠯᠤᠰᠤᠳᠠᠢ ᠭᠠᠴᠠᠭᠠᠨ ᠤ ᠲᠡᠷᠢᠬᠦᠨ ᠴᠠᠭᠠᠨ ᠢᠳᠡᠭᠡ ᠪᠣᠯᠪᠠᠰᠤᠷᠠᠭᠤᠯᠬᠤ ᠲᠤᠰᠬᠠᠶ | ᠬᠤᠷᠰᠢᠶᠠᠨ ᠤ ᠪᠣᠯᠪᠠᠰᠤᠷᠠᠭᠤᠯᠬᠤ ᠲᠠᠰᠤᠭ ᠢᠶᠠᠷ ᠣᠷᠣᠬᠤ ᠳᠤ᠂ ᠠᠯᠤᠰ ᠠᠴᠠ ᠠᠩᠭᠢᠯᠤᠮ᠎ᠠ ᠰᠦ ᠶᠢᠨ ᠦᠨᠦᠷ | ᠬᠠᠩᠬᠤᠯᠵᠤ᠂ ᠠᠵᠢᠯᠴᠢᠳ ᠶᠠᠭ ᠰᠠᠶ᠋ᠢᠬᠠᠨ ᠦᠨᠢᠶᠡᠨ ᠰᠦ ᠪᠠᠷ ᠢᠶᠠᠨ ᠬᠤᠷᠤᠳ᠂ ᠬᠠᠳᠠᠭᠠᠭᠰᠠᠨ ᠦᠷᠦᠮ᠎ᠡ ᠵᠡᠷᠭᠡ | ᠴᠠᠭᠠᠨ ᠢᠳᠡᠭᠡ ᠪᠤᠯᠪᠠᠰᠤᠷᠠᠭᠤᠯᠵᠤ ᠪᠠᠶᠢᠯ᠎ᠠ᠃ | ︽ᠥᠩᠭᠡᠷᠡᠭᠰᠡᠨ ᠳᠤ ᠪᠡᠯᠴᠢᠭᠡᠷᠯᠡᠭᠦᠯᠬᠦ ᠶᠢ ᠵᠣᠭᠰᠣᠭᠠᠬᠤ ᠬᠤᠭᠤᠴᠠᠭᠠᠨ ᠳᠤ ᠰᠠᠭᠠᠭᠰᠠᠨ ᠰᠦ ᠪᠠᠨ ᠵᠠᠷᠤᠵᠤ | ᠪᠠᠷᠠᠬᠤ ᠦᠭᠡᠢ ᠪᠠᠶᠢᠭᠰᠠᠨ ᠠᠴᠠ ᠶᠡᠬᠡᠩᠬᠢ ᠶᠢ ᠨᠢ ᠪᠦᠷ ᠪᠦᠷᠢᠯᠭᠡᠵᠦ ᠪᠠᠶᠢᠵᠠᠢ︾ ᠭᠡᠵᠦ ᠪᠣᠯᠪᠠᠰᠤᠷᠠᠭᠤᠯᠬᠤ | ᠦᠢᠯᠡᠳᠪᠦᠷᠢ ᠶᠢᠨ ᠬᠠᠷᠢᠭᠤᠴᠠᠯᠭᠠᠲᠠᠨ ᠶᠢᠨ ᠬᠤᠸᠠ ᠬᠡᠯᠡᠨ᠎ᠡ᠃ ᠤᠯᠠᠭᠠᠨᠮᠤᠳᠤ ᠶᠢᠨ ᠥᠪᠡᠷᠮᠢᠴᠡ ᠣᠨᠴᠠᠯᠢᠭ ᠲᠠᠢ | ᠪᠠᠶᠢᠭᠠᠯᠢ ᠶᠢᠨ ᠨᠥᠬᠦᠴᠡᠯ ᠠᠴᠠ ᠪᠣᠯᠵᠣ᠂ ᠡ᠊ᠨᠳᠡᠬᠢ ᠦᠨᠢᠶᠡᠨ ᠰᠦ ᠨᠢ ᠴᠢᠨᠠᠷ ᠰᠠᠶᠢᠲᠠᠶ ᠪᠠᠶᠢᠳᠠᠭ᠂ ᠡᠨᠡ ᠨᠢ ᠶᠢᠨ | ᠬᠤᠸᠠ ᠶᠢ ᠤᠯᠠᠮᠵᠢᠯᠠᠯᠲᠤ ᠴᠠᠭᠠᠨ ᠢᠳᠡᠭᠡ ᠬᠢᠬᠦ ᠬᠦᠰᠡᠯ ᠲᠠᠢ ᠪᠣᠯᠭᠠᠭᠰᠠᠨ ᠪᠠᠶᠢᠨ᠎ᠠ᠃ ᠶᠢᠨ ᠬᠤᠸᠠ ᠢᠵᠢ ᠪᠦᠷᠢᠨ | ᠦᠢᠯᠡᠳᠪᠦᠷᠢᠯᠡᠯ ᠤᠨ ᠲᠥᠬᠦᠭᠡᠷᠦᠮᠵᠢ ᠶᠢ ᠣᠷᠣᠭᠤᠯᠤᠨ ᠠᠪᠴᠢᠷᠠᠵᠤ᠂ ᠰᠦ᠂ ᠬᠤᠷᠤᠳ᠂ ᠦᠷᠦᠮ᠎ᠡ ᠵᠡᠷᠭᠡ | ᠮᠣᠩᠭᠤᠯ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠢ ᠪᠤᠯᠪᠠᠰᠤᠷᠠᠭᠤᠯᠤᠨ ᠬᠡᠷᠡᠭᠯᠡᠭᠴᠢᠳ ᠤᠨ ᠬᠦᠷᠢᠶᠡᠯᠡᠯ ᠢ | ᠣᠯᠤᠭᠰᠠᠨ ᠪᠠᠶᠢᠨ᠎ᠠ᠃ ᠬᠤᠷᠰᠢᠶ᠎ᠠ ᠳᠤ ᠤᠳᠤ ᠰᠢᠮᠧᠨ᠋ᠳᠡᠷ ᠦᠬᠡᠷ 60 ᠪᠤᠢ᠂ ᠵᠢᠯ ᠳᠤ ᠬᠤᠷᠤᠳ 36 ᠲᠣᠨ᠂ | ᠬᠠᠳᠠᠭᠠᠭᠰᠠᠨ ᠦᠷᠦᠮ᠎ᠡ 3.6 ᠲᠦᠮᠡ᠂ ᠰᠢᠬᠢᠷ 10 ᠲᠣᠨ᠂ ᠰᠢᠷ᠎ᠠ ᠲᠤᠰᠤ᠂ ᠦᠷᠦᠮ᠎ᠡ᠂ ᠪᠢᠰᠢᠯᠠᠭ ᠲᠤᠰ ᠪᠦᠷᠢ | 5.6 ᠲᠣᠨ ᠪᠤᠯᠪᠠᠰᠤᠷᠠᠭᠤᠯᠵᠤ᠂ ᠵᠢᠯ ᠤᠨ ᠠᠰᠢᠭ ᠬᠤᠨᠵᠢᠪᠣᠷᠢ ᠨᠢ 150 ᠲᠦᠮᠡᠨ ᠲᠥᠭᠦᠷᠢᠭ ᠲᠤ ᠬᠦᠷᠴᠡᠶ᠃ | ︽ᠠᠮᠢ ᠠᠬᠤᠶ ᠶᠢ ᠬᠠᠮᠠᠭᠠᠯᠠᠬᠤ ᠪᠣᠯ ᠭᠠᠭᠴᠠ ᠬᠠᠷᠢᠭᠤᠯᠳᠠ ᠲᠠᠢ ᠰᠣᠩᠭᠤᠬᠤ ᠰᠡᠳᠦᠪ ᠪᠢᠰᠢ᠂ ᠬᠠᠷᠢᠨ ᠵᠠᠪᠠᠯ | ᠰᠣᠩᠭᠤᠬᠤ ᠰᠡᠳᠦᠪ ᠮᠥᠨ᠃ 2025 ᠣᠨ ᠤ ᠰᠡᠭᠦᠯᠴᠢ ᠪᠣᠯᠬᠤ ᠳᠤ᠂ ᠬᠤᠷᠴᠢᠨ ᠪᠠᠷᠠᠭᠤᠨ ᠭᠠᠷᠤᠨ ᠡᠮᠦᠨᠡᠲᠦ | ᠬᠤᠰᠢᠭᠤᠨ ᠤ ᠮᠠᠯ ᠪᠡᠯᠴᠢᠭᠡᠷ ᠤᠨ ᠲᠡᠩᠴᠡᠭᠦᠷᠢ ᠶᠢᠨ ᠣᠷᠣᠨ ᠤ ᠪᠠᠶᠢᠭᠠᠯᠢ ᠶᠢᠨ ᠨᠤᠲᠤᠭ ᠪᠡᠯᠴᠢᠭᠡᠷ ᠤᠨ ᠮᠠᠯ | ᠪᠡᠯᠴᠢᠭᠡᠷ ᠤᠨ ᠲᠡᠩᠴᠡᠭᠦᠷᠢ ᠶᠢᠨ ᠵᠢᠭᠠᠯᠲᠠ ᠲᠤᠭ᠎ᠠ ᠶᠢ 10% ᠠᠴᠠ ᠳᠣᠷᠣᠭᠰᠢ ᠪᠣᠯᠭᠠᠨ ᠪᠠᠭᠤᠷᠠᠭᠤᠯᠵᠤ᠂ | ᠪᠡᠯᠴᠢᠭᠡᠷᠯᠡᠭᠦᠯᠬᠦ ᠶᠢ ᠵᠣᠭᠰᠣᠭᠠᠬᠤ ᠣᠷᠣᠨ ᠳᠤ 100% ᠪᠠᠷ ᠬᠠᠰᠢᠶᠠᠯᠠᠨ ᠲᠡᠵᠢᠭᠡᠵᠦ᠂ ᠨᠤᠲᠤᠭ ᠪᠡᠯᠴᠢᠭᠡᠷ ᠤᠨ | ᠠᠮᠢ ᠠᠬᠤᠶ ᠶᠢᠨ ᠴᠢᠳᠠᠮᠵᠢ ᠶᠢ ᠪᠦᠲᠦᠮᠵᠢᠲᠡᠶ ᠰᠡᠷᠭᠦᠭᠡᠵᠦ᠂ ᠮᠠᠯ ᠠᠵᠤ ᠠᠬᠤᠶ ᠶᠢᠨ ᠦᠢᠯᠡᠳᠪᠤᠷᠢᠯᠡᠯ ᠤᠨ ᠠᠷᠭ᠎ᠠ | ᠮᠠᠶ᠋ᠢᠭ ᠢ ᠬᠤᠪᠢᠷᠠᠭᠤᠯᠤᠨ ᠲᠠᠰ ᠳᠡᠪᠰᠢᠭᠦᠯᠵᠦ᠂ ᠨᠤᠲᠤᠭ ᠪᠡᠯᠴᠢᠭᠡᠷ ᠤᠨ ᠠᠮᠢ ᠠᠬᠤᠶ ᠶᠢᠨ ᠦᠢᠯᠡᠴᠢᠯᠡᠭᠡᠨ ᠤ | ᠴᠢᠳᠠᠮᠵᠢ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠎ᠡ︾ ᠭᠡᠵᠦ ᠬᠤᠷᠴᠢᠨ ᠪᠠᠷᠠᠭᠤᠨ ᠭᠠᠷᠤᠨ ᠡᠮᠦᠨᠡᠲᠦ | ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠯᠢᠦ ᠬᠠᠶ ᠲᠤᠤ ᠬᠡᠯᠡᠪᠡ᠃ | ᠦᠳᠡᠰᠢ ᠶᠢᠨ ᠪᠦᠷᠦᠶ ᠶᠢᠨ ᠤᠯᠠᠭᠠᠨᠮᠤᠲᠤ ᠶᠢᠨ ᠲᠠᠯ᠎ᠠ ᠨᠤᠲᠤᠭ ᠲᠤ᠂ ᠨᠤᠮᠢᠨ ᠤ ᠰᠢᠭᠤᠳ ᠨᠡᠪᠲᠡᠷᠡᠭᠦᠯᠭᠡ ᠶᠢᠨ | ᠲᠠᠰᠤᠯᠭ᠎ᠠ ᠮᠥᠨ ᠯᠡ ᠵᠠᠬᠢᠶᠠᠯᠠᠭ᠎ᠠ ᠲᠤᠰᠴᠤ᠂ ᠪᠠᠢ ᠰᠠᠷᠠᠨ ᠵᠠᠰᠠᠭᠳᠤ ᠬᠠᠳᠬᠤᠮᠠᠯ ᠢᠶᠠᠨ ᠤᠶᠤᠵᠤ᠂ | ᠤᠯᠠᠭᠠᠨᠮᠤᠲᠤ ᠶᠢᠨ ᠦᠢᠯᠡᠳᠪᠦᠷᠢ ᠶᠢᠨ ᠲᠠᠰᠤᠭ ᠠᠴᠠ ᠠᠩᠬᠢᠯᠤᠮ᠎ᠠ ᠰᠦ ᠶᠢᠨ ᠦᠨᠦᠷ ᠬᠠᠩᠬᠤᠯᠵᠤ ᠪᠠᠶᠢᠯ᠎ᠠ᠃ | ᠡᠳᠡᠭᠡᠷ ᠪᠡᠯᠴᠢᠭᠡᠷᠯᠡᠭᠦᠯᠬᠦ ᠶᠢ ᠵᠣᠭᠰᠣᠭᠠᠬᠤ ᠬᠤᠭᠤᠴᠠᠭᠠᠨ ᠳᠠᠬᠢ ᠤᠷᠤᠯᠭ᠎ᠠ ᠪᠠᠨ ᠨᠡᠮᠡᠭᠳᠡᠬᠦᠯᠬᠦ ᠠᠵᠢᠯᠯᠠᠭ᠎ᠠ ᠤᠳ ᠨᠢ | ᠤᠯᠠᠮᠵᠢᠯᠠᠯᠲᠤ ᠮᠠᠯ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠵᠦ ᠪᠠᠶᠢᠭ᠎ᠠ ᠶᠢ ᠬᠠᠷᠠᠭᠤᠯᠵᠤ | ᠪᠠᠶᠢᠨ᠎ᠠ᠃ | ᠬᠠᠪᠤᠷ ᠤᠨ ᠤᠷᠢᠬᠠᠨ ᠰᠠᠯᠬᠢᠨ ᠳᠤ ᠡᠪᠡᠰᠦ ᠪᠡᠯᠴᠢᠭᠡᠷ ᠢ ᠭᠦᠢᠴᠡᠳ ᠰᠡᠷᠭᠦᠭᠡᠬᠦ ᠪᠤᠯ ᠤᠯᠤᠰ ᠭᠡᠷ ᠠᠴᠠ | ᠭᠡᠷᠡᠭᠵᠢᠬᠦᠯᠵᠦ ᠪᠠᠶᠢᠭ᠎ᠠ ᠲᠦᠷᠦ ᠶᠢᠨ ᠪᠤᠳᠤᠯᠭ᠎ᠠ ᠪᠤᠯᠤᠨ᠎ᠠ᠃ ᠡᠳᠡᠭᠡᠷ ᠪᠡᠯᠴᠢᠭᠡᠷᠯᠡᠭᠦᠯᠬᠦ ᠶᠢ ᠵᠣᠭᠰᠣᠭᠠᠬᠤ | ᠬᠤᠭᠤᠴᠠᠭᠠᠨ ᠳᠤ ᠲᠠᠯ᠎ᠠ ᠨᠤᠳᠤᠭ ᠤᠨ ᠮᠠᠯᠴᠢᠳ ᠤᠨ ᠰᠢᠨ᠎ᠡ ᠠᠮᠢᠳᠤᠷᠠᠯ ᠤᠨ ᠵᠠᠮ ᠢ ᠰᠦᠪᠡᠭᠴᠢᠯᠡᠵᠦ ᠪᠠᠶᠢᠭ᠎ᠠ ᠨᠢ | ᠦᠨᠡᠬᠡᠷ ᠪᠢᠰᠢᠷᠡᠯ ᠲᠠᠢ᠃ |