ᠦᠰᠬᠦ ᠬᠡᠦᠬᠡᠳ ᠤᠨ ᠡᠷᠳᠡᠮ ᠤᠨ ᠦᠯᠦᠬᠡᠢ ᠦᠬᠡᠳᠡᠯᠡᠬᠦ ᠨᠤᠳᠤᠭ ᠤᠨ ᠬᠦᠰᠡᠯ ᠤᠨ ᠢᠷᠭᠤᠢ — ᠬᠤᠷᠴᠢᠨ ᠪᠠᠷᠠᠭᠤᠨ ᠭᠠᠷᠤᠨ ᠡᠮᠦᠨᠡᠳᠤ ᠬᠤᠰᠢᠭᠤ ᠶᠢᠨ ᠬᠦᠢᠯᠡᠷ ᠪᠠᠯᠭᠠᠰᠤ ᠶᠢᠨ ᠪᠠᠳᠠᠷᠠᠩᠭᠤᠢ ᠪᠠᠭ᠎ᠠ ᠰᠤᠷᠭᠠᠭᠤᠯᠢ ᠬᠡᠪ ᠴᠢᠨᠡᠷ ᠤᠨ ᠰᠤᠷᠭᠠᠨ ᠬᠦᠮᠦᠵᠢᠯ ᠢ ᠠᠬᠢᠭᠤᠯᠵᠦ ᠪᠠᠶᠢᠭ᠎ᠠ ᠲᠤᠬᠠᠢ ᠲᠡᠮᠳᠡᠭᠯᠡᠯ
ᠨᠡᠶᠢᠲᠡᠯᠡᠭᠰᠡᠨ ᠴᠠᠭ᠄
2025/6/3
      ᠡᠨᠡ ᠬᠡᠳᠦᠨ ᠵᠢᠯ᠂ ᠬᠤᠷᠴᠢᠨ ᠪᠠᠷᠠᠭᠤᠨ ᠭᠠᠷᠤᠨ ᠡᠮᠦᠨᠡᠳᠤ ᠬᠤᠰᠢᠭᠤ ᠶᠢᠨ ᠬᠦᠢᠯᠡᠷ ᠪᠠᠯᠭᠠᠰᠤ ᠶᠢᠨ ᠪᠠᠳᠠᠷᠠᠩᠭᠤᠢ ᠪᠠᠭ᠎ᠠ ᠰᠤᠷᠭᠠᠭᠤᠯᠢ ︽ᠬᠦᠳᠡᠭᠡ ᠲᠤᠰᠬᠤᠨ ᠮᠠᠯᠵᠢᠬᠤ ᠤᠷᠤᠨ ᠤ ᠬᠡᠤᠬᠡᠳ ᠢ ᠡᠬᠦᠳᠡᠨ ᠡᠮᠦᠨ᠎ᠡ ᠪᠠᠨ ᠰᠠᠭᠤᠵᠦ ᠪᠠᠶᠢᠭᠠᠳ ᠰᠢᠯᠢᠳᠡᠭ ᠰᠤᠷᠭᠠᠨ ᠬᠦᠮᠦᠵᠢᠯ ᠬᠦᠷᠳᠡᠬᠡᠬᠦ︾ ᠰᠤᠷᠭᠠᠭᠤᠯᠢ ᠡᠷᠬᠢᠯᠡᠬᠦ ᠤᠶᠢᠯᠠᠭᠠᠭᠳᠠᠬᠤᠨ ᠢ ᠲᠡᠬᠡᠳᠦᠯᠡᠨ᠂ ︽ᠴᠢᠨᠡᠷ ᠴᠢᠨᠰᠠᠭ᠎ᠠ ᠲᠠᠢ ᠰᠤᠷᠭᠠᠭᠤᠯᠢ ᠡᠷᠬᠢᠯᠡᠬᠦ ᠶᠢ ᠲᠡᠰ ᠲᠡᠪᠰᠢᠬᠦᠯᠵᠦ᠂ ᠰᠤᠷᠤᠭᠴᠢᠳ ᠤᠨ ᠪᠦᠬᠦ ᠲᠠᠯ᠎ᠠ ᠶᠢᠨ ᠬᠦᠭᠵᠢᠯᠳᠡ ᠶᠢ ᠠᠬᠢᠭᠤᠯᠬᠤ︾ ᠪᠠᠷ ᠬᠠᠷᠠᠯᠳᠠ ᠪᠤᠯᠭᠠᠵᠦ᠂ ᠬᠢᠴᠢᠶᠡᠯ ᠬᠦᠮᠦᠵᠢᠯ ᠵᠢᠭᠠᠨ ᠰᠤᠷᠭᠠᠯᠳᠠ ᠶᠢᠨ ᠰᠢᠷᠢᠰ ᠠᠵᠢᠯᠯᠠᠭ᠎ᠠ ᠦᠷᠨᠢᠬᠦᠯᠵᠦ᠂ ᠮᠤᠷᠠᠯ᠂ ᠮᠡᠳᠡᠯᠬᠡ᠂ ᠪᠡᠶ᠎ᠡ ᠮᠠᠬᠠᠪᠤᠳ᠂ ᠭᠤᠸ᠎ᠠ ᠰᠠᠶᠢᠬᠠᠨ ᠪᠠ ᠬᠦᠳᠡᠯᠮᠦᠷᠢ ᠵᠡᠷᠬᠡ ᠪᠦᠬᠦ ᠲᠠᠯ᠎ᠠ ᠪᠠᠷ ᠬᠦᠭᠵᠢᠭᠰᠡᠨ ᠰᠤᠷᠤᠭᠴᠢ ᠬᠦᠮᠦᠵᠢᠬᠦᠯᠬᠦ ᠲᠠᠯ᠎ᠠ ᠪᠠᠷ ᠢᠯᠡᠳᠳᠡ ᠠᠮᠵᠢᠯᠳᠠ ᠤᠯᠤᠭᠰᠠᠨ ᠪᠠᠶᠢᠨ᠎ᠠ᠃      ᠪᠠᠳᠠᠷᠠᠩᠭᠤᠢ ᠪᠠᠭ᠎ᠠ ᠰᠤᠷᠭᠠᠭᠤᠯᠢ ᠶᠢᠨ ᠨᠠᠮ ᠤᠨ ᠡᠬᠦᠷ ᠤᠨ ᠱᠦᠵᠢ᠂ ᠰᠤᠷᠭᠠᠭᠤᠯᠢ ᠶᠢᠨ ᠵᠠᠬᠢᠷᠤᠯ ᠪᠠᠢ ᠯᠢᠤ ᠳ᠋ᠧ ᠶᠢᠨ ᠲᠠᠨᠢᠯᠴᠠᠭᠤᠯᠤᠭᠰᠠᠨ ᠢ ᠦᠨᠳᠦᠰᠦᠯᠡᠪᠡᠯ᠄ ᠲᠤᠰ ᠰᠤᠷᠭᠠᠭᠤᠯᠢ ᠶᠢᠨ ᠰᠤᠷᠤᠭᠴᠢ ᠪᠠᠭ᠎ᠠ ᠰᠤᠷᠭᠠᠭᠤᠯᠢ ᠲᠡᠬᠦᠰᠴᠦ ᠠᠩᠬ᠎ᠠ ᠵᠡᠷᠬᠡ ᠶᠢᠨ ᠲᠤᠮᠳᠠᠳᠤ ᠰᠤᠷᠭᠠᠭᠤᠯᠢ ᠲᠡᠪᠰᠢᠬᠦ ᠰᠢᠯᠭᠠᠯᠳᠠ ᠳᠤ ᠲᠦᠷᠪᠡᠨ ᠵᠢᠯ ᠲᠠᠷᠠᠭᠠᠯᠠᠨ ᠪᠦᠬᠦ ᠬᠤᠰᠢᠭᠤᠨ ᠤ ᠪᠠᠨ ᠡᠮᠦᠨ᠎ᠡ ᠭᠤᠷᠪᠠᠨ ᠨᠡᠷᠡᠰ ᠲᠤ ᠲᠤᠳᠤᠷᠠᠵᠠᠢ᠃ ᠨᠢᠳᠤᠨᠤᠨ ᠵᠢᠯ ᠤᠨ 7 ᠰᠠᠷ᠎ᠠ ᠳᠤ ᠪᠤᠯᠤᠭᠰᠠᠨ ᠪᠦᠬᠦ ᠬᠤᠰᠢᠭᠤᠨ ᠤ ᠰᠤᠭᠤᠴᠢᠵᠦ ᠰᠢᠯᠭᠠᠭᠰᠠᠨ ᠰᠢᠯᠭᠠᠯᠳᠠ ᠳᠤ᠂ ᠰᠤᠷᠤᠭᠴᠢ ᠵᠠᠩ ᠴᠡᠪᠡᠷ ᠨᠢ ᠪᠦᠬᠦ ᠬᠤᠰᠢᠭᠤᠨ ᠳᠤ ᠪᠠᠨ ᠨᠢᠬᠡᠳᠦᠬᠡᠷ ᠲᠤ ᠲᠤᠳᠤᠷᠠᠭᠰᠠᠨ ᠪᠠᠶᠢᠨ᠎ᠠ᠃      1947 ᠤᠨ ᠳᠤ ᠪᠠᠶᠢᠭᠤᠯᠤᠭᠳᠠᠭᠰᠠᠨ ᠬᠤᠷᠴᠢᠨ ᠪᠠᠷᠠᠭᠤᠨ ᠭᠠᠷᠤᠨ ᠡᠮᠦᠨᠡᠳᠤ ᠬᠤᠰᠢᠭᠤ ᠶᠢᠨ ᠬᠦᠢᠯᠡᠷ ᠪᠠᠯᠭᠠᠰᠤ ᠶᠢᠨ ᠪᠠᠳᠠᠷᠠᠩᠭᠤᠢ ᠪᠠᠭ᠎ᠠ ᠰᠤᠷᠭᠠᠭᠤᠯᠢ ᠪᠤᠯ ᠬᠠᠭᠠᠰ ᠮᠠᠯᠵᠢᠬᠤ ᠬᠠᠭᠠᠰ ᠲᠠᠷᠢᠶᠠᠯᠠᠬᠤ ᠤᠷᠤᠨ ᠤ ᠨᠡᠶᠢᠳᠡᠯᠢᠭ ᠤᠨᠴᠠᠯᠢᠭ ᠪᠦᠬᠦᠢ ᠪᠠᠶᠢᠷᠢᠯᠠᠵᠦ ᠰᠠᠭᠤᠬᠤ ᠲᠦᠷᠢᠮᠳᠤ ᠪᠠᠭ᠎ᠠ ᠰᠤᠷᠭᠠᠭᠤᠯᠢ ᠪᠤᠯᠤᠨ᠎ᠠ᠃      ᠤᠳᠤ ᠪᠦᠬᠦ ᠰᠤᠷᠭᠠᠭᠤᠯᠢ ᠪᠠᠷ ᠢᠶᠠᠨ ᠨᠡᠶᠢᠳᠡ 72 ᠪᠠᠭᠰᠢ ᠠᠵᠢᠯᠳᠠᠨ᠂ 278 ᠰᠤᠷᠤᠭᠴᠢ ᠲᠠᠢ᠃ ᠡᠬᠦᠨ ᠠᠴᠠ ᠭᠠᠳᠠᠨ᠎ᠠ᠂ ᠲᠤᠰ ᠰᠤᠷᠭᠠᠭᠤᠯᠢ ᠨᠢ ᠰᠤᠷᠭᠠᠭᠤᠯᠢ ᠠᠴᠠ ᠬᠠᠮᠢᠶᠠᠷᠤᠳᠠᠭ ᠬᠡᠤᠬᠡᠳ ᠤᠨ ᠴᠡᠴᠡᠷᠯᠢᠭ ᠡᠷᠬᠢᠯᠡᠵᠦ ᠪᠠᠶᠢᠭ᠎ᠠ ᠪᠦᠬᠡᠳ ᠴᠡᠴᠡᠷᠯᠢᠭ ᠲᠤ ᠰᠠᠭᠤᠭ᠎ᠠ ᠬᠡᠤᠬᠡᠳ ᠨᠡᠶᠢᠳᠡ 98 ᠪᠠᠶᠢᠨ᠎ᠠ᠃      ᠲᠤᠰ ᠰᠤᠷᠭᠠᠭᠤᠯᠢ ᠨᠢ ᠰᠤᠷᠭᠠᠭᠤᠯᠢ ᠶᠢᠨ ᠢᠶᠠᠨ ᠪᠤᠳᠠᠳᠤ ᠪᠠᠶᠢᠳᠠᠯ ᠳᠤ ᠪᠠᠨ ᠰᠠᠭᠤᠷᠢᠯᠠᠵᠦ᠂ ᠨᠤᠳᠤᠭ ᠤᠰᠤᠨ ᠤ ᠪᠠᠨ ᠰᠤᠶᠤᠯ ᠤᠨ ᠠᠭᠤᠷᠬᠠᠢ ᠶᠢ ᠬᠦᠢᠴᠡᠳ ᠠᠰᠢᠭᠯᠠᠵᠦ᠂ ᠤᠮᠠᠷᠠᠳᠤ ᠬᠢᠯᠢ ᠶᠢᠨ ᠰᠤᠶᠤᠯ ᠪᠠ ᠦᠨᠳᠦᠰᠦᠳᠡᠨ ᠤ ᠪᠦᠯᠬᠦᠮᠳᠡᠯ ᠤᠨ ᠦᠯᠢᠬᠡᠷ ᠲᠡᠤᠬᠡ ᠶᠢ ᠡᠮᠬᠢᠯᠡᠨ ᠲᠡᠪᠳᠡᠷᠡᠯᠡᠵᠦ᠂ ᠰᠤᠷᠤᠭᠴᠢᠳ ᠤᠨ ᠬᠢᠴᠢᠶᠡᠯ ᠤᠨ ᠭᠠᠳᠠᠭᠤᠷ ᠰᠤᠷᠤᠯᠴᠠᠬᠤ ᠠᠭᠤᠯᠭ᠎ᠠ ᠶᠢ ᠪᠠᠶᠠᠯᠢᠬᠵᠢᠭᠤᠯᠪᠠ᠃ ᠡᠬᠦᠨ ᠤ ᠬᠠᠮᠳᠤ᠂ ᠲᠤᠰ ᠰᠤᠷᠭᠠᠭᠤᠯᠢ ᠨᠢ ᠰᠤᠷᠤᠭᠴᠢᠳ ᠤᠨ ᠦᠪᠡᠷ ᠤᠨ ᠲᠤᠷᠠᠰᠢᠯ ᠳᠠᠭᠠᠨ ᠬᠦᠳᠦᠯᠦᠭᠳᠡᠵᠦ᠂ ᠲᠤᠷᠠᠳᠠᠢ ᠪᠠᠭ᠋ᠠᠳᠠᠢ ᠵᠦᠢᠯ ᠢᠶᠠᠨ ᠰᠤᠷᠤᠯᠴᠠᠬᠤ ᠳᠤᠨᠢ ᠨᠦᠬᠦᠴᠡᠯ ᠪᠦᠷᠢᠯᠳᠦᠬᠦᠯᠵᠦ ᠦᠭᠬᠦ ᠶᠢᠨ ᠲᠦᠯᠦᠬᠡ᠂ ᠮᠤᠷᠢᠨ ᠬᠤᠭᠤᠷ᠂ ᠲᠦᠷᠪᠡᠨ ᠤᠳᠠᠰᠤᠳᠤ ᠬᠤᠭᠤᠷ᠂ ᠤᠷᠠᠨ ᠪᠢᠴᠢᠯᠬᠡ᠂ ᠤᠷᠠᠨ ᠵᠢᠷᠤᠭ᠂ ᠤᠷᠠᠨ ᠪᠦᠵᠢᠭ ᠪᠠ ᠬᠦᠯ ᠪᠦᠮᠪᠦᠭᠡ ᠵᠡᠷᠬᠡ ᠨᠡᠶᠢᠬᠡᠮᠯᠢᠭ ᠪᠠᠶᠢᠭᠤᠯᠵᠦ᠂ ᠰᠤᠷᠤᠭᠴᠢᠳ ᠤᠨ ᠢᠶᠠᠨ ᠲᠤᠷ᠎ᠠ ᠪᠠᠬ᠎ᠠ ᠶᠢ ᠦᠨᠳᠦᠰᠦᠯᠡᠵᠦ ᠬᠡᠳᠦᠨ ᠶᠡᠭᠡ ᠨᠡᠶᠢᠬᠡᠮᠯᠢᠭ ᠢᠶᠠᠷ ᠵᠤᠬᠢᠶᠠᠨ ᠪᠠᠶᠢᠭᠤᠯᠵᠦ᠂ ᠭᠠᠷᠠᠭ ᠪᠦᠷᠢ ᠶᠢᠨ ᠭᠠᠷᠠᠭ ᠤᠨ ᠬᠤᠶᠠᠷ ᠪᠠ ᠭᠠᠷᠠᠭ ᠤᠨ ᠲᠠᠪᠤᠨ ᠤ ᠲᠤᠯᠤᠭ᠎ᠠ ᠨᠠᠢᠮᠠᠳᠤᠭᠠᠷ ᠬᠢᠴᠢᠶᠡᠯ ᠤᠨ ᠴᠠᠭ ᠢ ᠲᠤᠰᠬᠠᠶᠢᠯᠠᠨ ᠰᠤᠷᠤᠭᠴᠢᠳ ᠤᠨ ᠬᠢᠴᠢᠶᠡᠯ ᠤᠨ ᠭᠠᠳᠠᠭᠤᠷᠬᠢ ᠬᠦᠳᠡᠯᠬᠡᠬᠡᠨ ᠳᠤ ᠤᠷᠤᠯᠴᠠᠬᠤ ᠴᠠᠭ ᠢᠶᠠᠷ ᠲᠤᠭᠳᠠᠭᠠᠵᠦ᠂ ᠲᠤᠰᠬᠠᠢ ᠪᠠᠭᠰᠢ ᠲᠤᠮᠢᠯᠠᠨ ᠵᠢᠭᠠᠨ ᠵᠢᠯᠤᠭᠤᠳᠤᠯᠭ᠎ᠠ ᠦᠷᠨᠢᠬᠦᠯᠬᠦ ᠶᠢ ᠪᠠᠷᠢᠮᠳᠠᠯᠠᠵᠦ ᠢᠷᠡᠪᠡ᠃ ᠡᠬᠦᠨ ᠠᠴᠠ ᠭᠠᠳᠠᠨ᠎ᠠ᠂ ᠲᠤᠰ ᠰᠤᠷᠭᠠᠭᠤᠯᠢ ᠨᠢ ᠰᠤᠷᠤᠭᠴᠢᠳ ᠤᠨ ᠬᠢᠴᠢᠶᠡᠯ ᠤᠨ ᠭᠠᠳᠠᠭᠤᠷ ᠰᠤᠷᠤᠯᠴᠠᠭᠰᠠᠨ ᠲᠤᠷ᠎ᠠ ᠪᠠᠬ᠎ᠠ ᠲᠠᠢ ᠬᠢᠴᠢᠶᠡᠯ ᠤᠨ ᠬᠢᠷᠢ ᠪᠦᠳᠦᠮᠵᠢ ᠶᠢ ᠪᠤᠯᠪᠠᠰᠤᠷᠠᠭᠤᠯᠵᠦ ᠰᠢᠯᠭᠠᠷᠠᠭᠤᠯᠬᠤ ᠳᠤ ᠲᠠᠪᠴᠠᠩ ᠬᠠᠨᠭ᠍ᠭᠠᠵᠦ ᠦᠭᠬᠦ ᠶᠢᠨ ᠲᠦᠯᠦᠬᠡ᠂ ︽6 · 1︾ ᠤ ᠲᠡᠯᠡᠬᠡᠢ ᠶᠢᠨ ᠬᠡᠤᠬᠡᠳ ᠤᠨ ᠪᠠᠶᠠᠷ ᠤᠨ ᠡᠳᠦᠷ ᠢ ᠲᠤᠷᠠᠰᠬᠠᠨ ᠪᠡᠯᠡᠭᠯᠡᠬᠦ ᠲᠠᠢ ᠤᠶᠠᠯᠳᠤᠭᠤᠯᠵᠦ᠂ ᠵᠢᠯ ᠪᠦᠷᠢ ᠪᠦᠬᠦ ᠰᠤᠷᠭᠠᠭᠤᠯᠢ ᠶᠢᠨ ᠬᠡᠪᠴᠢᠶᠠᠨ ᠤ ᠲᠠᠮᠢᠷ ᠤᠨ ᠨᠠᠶᠢᠷ ᠂ ᠤᠷᠠᠯᠢᠭ ᠤᠨ ᠨᠠᠶᠢᠷ ᠪᠠ ᠰᠤᠶᠤᠯ ᠤᠨ ᠨᠠᠶᠢᠷ ᠡᠷᠬᠢᠯᠡᠵᠦ ᠢᠷᠡᠬᠦ ᠶᠢ ᠪᠡᠷᠢᠮᠳᠡᠯᠡᠪᠡ᠃      ᠬᠦᠮᠦᠨ ᠤ ᠬᠦᠴᠦ᠂ ᠪᠤᠳᠠᠰ ᠤᠨ ᠬᠦᠴᠦ ᠪᠠ ᠡᠳ᠋ ᠤᠨ ᠬᠦᠴᠦ ᠮᠡᠳᠡᠭᠳᠡᠮ᠎ᠡ ᠬᠦᠷᠦᠯᠴᠡᠬᠦ ᠦᠬᠡᠢ ᠪᠠᠶᠢᠳᠡᠯ ᠲᠤᠤᠷ᠎ᠠ᠂ ᠡᠯ᠎ᠡ ᠲᠠᠯ᠎ᠠ ᠶᠢᠨ ᠬᠦᠴᠢᠷᠳᠡᠯ ᠢ ᠲᠡᠰᠪᠤᠷᠢᠯᠡᠵᠦ᠂ ᠠᠷᠭ᠎ᠠ ᠪᠦᠬᠦᠨ ᠢ ᠰᠦᠪᠡᠭᠴᠢᠯᠡᠵᠦ᠂ ᠬᠡᠦᠬᠡᠳ ᠲᠡᠬᠦᠤᠨᠡᠷ ᠲᠠᠭᠠᠨ ᠪᠦᠬᠦ ᠲᠠᠯ᠎ᠠ ᠪᠠᠷ ᠬᠦᠭᠵᠢᠭᠰᠡᠨ ᠴᠢᠳᠠᠪᠤᠷᠢᠳᠡᠨ ᠪᠤᠯᠵᠦ ᠬᠦᠮᠦᠵᠢᠭᠳᠡᠬᠦ ᠳᠤ ᠰᠠᠭᠤᠷᠢ ᠲᠠᠯᠪᠢᠵᠦ ᠦᠭᠬᠦ ᠪᠠᠷ ᠵᠢᠳᠬᠦᠵᠦ ᠢᠷᠡᠭᠰᠡᠨ ᠤ ᠬᠠᠷᠢᠭᠤ᠂ ᠲᠤᠰ ᠰᠤᠷᠭᠠᠭᠤᠯᠢ ᠨᠢ ᠬᠤᠷᠢᠨ ᠲᠦᠷᠪᠡᠳᠦᠬᠡᠷ ᠬᠤᠭᠤᠴᠠᠭ᠎ᠠ ᠪᠠ ᠬᠤᠷᠢᠨ ᠲᠠᠪᠤᠳᠤᠭᠠᠷ ᠬᠤᠭᠤᠴᠠᠭ᠎ᠠ ᠶᠢᠨ ᠪᠦᠬᠦ ᠬᠤᠰᠢᠭᠤᠨ ᠤ ᠪᠠᠨ ᠤᠷᠠᠯᠢᠭ ᠤᠨ ᠨᠠᠶᠢᠷ ᠤᠨ ᠤᠷᠤᠯᠳᠤᠭᠠᠨ ᠳᠤ ᠬᠤᠶᠠᠷ ᠤᠳᠠᠭ᠎ᠠ ᠭᠤᠷᠪᠠᠳᠤᠭᠠᠷ ᠨᠡᠷᠡᠰ ᠲᠤ ᠲᠤᠳᠤᠷᠠᠵᠦ᠂ ᠨᠤᠳᠤᠭ ᠤᠰᠤᠨ ᠤ ᠪᠠᠨ ᠬᠦᠮᠦᠨ ᠠᠷᠠᠳ ᠤᠨ ᠦᠨᠳᠦᠷ ᠦᠨᠡᠯᠡᠯᠳᠡ ᠶᠢ ᠬᠦᠷᠳᠡᠵᠦ ᠪᠠᠶᠢᠨ᠎ᠠ᠃      ᠬᠦᠢᠯᠡᠷ ᠪᠠᠯᠭᠠᠰᠤ ᠶᠢᠨ ᠪᠠᠳᠠᠷᠠᠩᠭᠤᠢ ᠭᠠᠴᠠᠭ᠎ᠠ ᠶᠢᠨ ᠨᠡᠮ ᠤᠨ ᠡᠬᠦᠷ ᠤᠨ ᠱᠦᠵᠢ ᠪᠤᠤ ᡁᠢ ᠭᠠᠩ᠄ ︽ᠡᠨᠡ ᠬᠡᠳᠦᠨ ᠵᠢᠯ᠂ ᠮᠠᠨ ᠤ ᠪᠠᠳᠠᠷᠠᠩᠭᠤᠢ ᠪᠠᠭ᠎ᠠ ᠰᠤᠷᠭᠠᠭᠤᠯᠢ ᠶᠢ ᠲᠤᠩ ᠡᠷᠴᠢᠮᠳᠠᠢ ᠡᠷᠬᠢᠯᠡᠵᠦ ᠪᠤᠢ᠃ ᠬᠢᠴᠢᠶᠡᠯ ᠬᠦᠮᠦᠵᠢᠯ ᠵᠢᠭᠠᠨ ᠰᠤᠷᠭᠠᠯᠳᠠ ᠶᠢᠨ ᠲᠠᠯ᠎ᠠ ᠪᠠᠷ ᠮᠡᠳᠡᠭᠳᠡᠮ᠎ᠡ ᠲᠡᠬᠡᠭᠰᠢᠯᠡᠵᠦ ᠪᠠᠶᠢᠬᠤ ᠪᠠᠷ ᠪᠠᠷᠠᠬᠤ ᠦᠬᠡᠢ ᠬᠡᠤᠬᠡᠳ ᠪᠠᠭᠠᠴᠤᠳ ᠤᠨ ᠲᠠᠭᠤᠤ ᠬᠦᠭᠵᠢᠮ᠂ ᠪᠡᠶ᠎ᠡ ᠶᠢᠨ ᠲᠠᠮᠢᠷ ᠪᠠ ᠤᠷᠠᠨ ᠵᠢᠷᠤᠭ ᠵᠡᠷᠬᠡ ᠪᠦᠬᠦ ᠲᠠᠯ᠎ᠠ ᠪᠠᠷ ᠬᠦᠮᠦᠵᠢᠭᠳᠡᠭᠰᠡᠨ ᠴᠢᠳᠠᠪᠤᠷᠢᠳᠡᠨ ᠪᠤᠯᠭᠠᠵᠦ ᠬᠦᠮᠦᠵᠢᠬᠦᠯᠬᠦ ᠲᠠᠯ᠎ᠠ ᠪᠠᠷ ᠢᠳᠡᠪᠬᠢᠳᠡᠢ ᠰᠦᠪᠡᠭᠴᠢᠯᠡᠵᠦ ᠪᠤᠢ᠃ ᠪᠢᠳᠡ ᠰᠤᠷᠭᠠᠭᠤᠯᠢ ᠶᠢᠨ ᠤᠳᠤᠷᠢᠳᠬᠤ ᠪᠠᠭ ᠤᠨ ᠨᠢᠬᠡ ᠰᠡᠳᠬᠢᠯ ᠨᠢᠬᠡ ᠵᠤᠷᠢᠭ ᠢᠶᠠᠷ ᠰᠤᠷᠭᠠᠭᠤᠯᠢ ᠡᠷᠬᠢᠯᠡᠵᠦ ᠪᠠᠶᠢᠭ᠎ᠠ ᠳᠤ ᠰᠡᠳᠬᠢᠯ ᠬᠠᠨᠤᠮᠵᠢᠳᠠᠢ ᠪᠠᠶᠢᠨ᠎ᠠ︾ ᠬᠡᠵᠦ ᠰᠤᠷᠪᠤᠯᠵᠢᠯᠠᠭᠴᠢ ᠳᠤ ᠬᠡᠯᠡᠵᠤ ᠪᠠᠶᠢᠯ᠎ᠠ᠃ · ᠤᠷᠤᠭᠰᠢᠯᠠᠯᠳᠠ ᠪᠠᠢ ᠬᠠᠢ ᠱᠦᠨ ·
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号