| 5 ᠰᠠᠷ᠎ᠠ ᠶᠢᠨ 26 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠤᠷᠴᠢᠨ | ᠪᠠᠯᠭᠠᠰᠤ ᠶᠢᠨ ᠯᠢᠦ ᠱᠤ᠋ ᠴᠤᠸᠠᠨ ᠲᠣᠰᠬᠤᠨ ᠤ ᠠᠵᠤ ᠦᠢᠯᠡᠰ ᠬᠤᠳᠠ ᠶᠢᠨ ᠠᠭᠤᠰᠤᠯᠴᠠᠯ ᠤᠨ ᠰᠠᠭᠤᠷᠢᠨ ᠭᠠᠵᠠᠷ | ᠤᠨ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ ᠮᠠᠰᠢᠨ ᠮᠧᠬᠠᠨᠢᠭ ᠬᠦᠩᠭᠢᠨᠡᠵᠦ᠂ ᠠᠵᠢᠯᠴᠢᠳ ᠡᠷᠴᠢ ᠵᠣᠷᠢᠭ | ᠲᠡᠭᠦᠯᠳᠡᠷ᠂ ᠪᠠᠴᠢᠮ ᠶᠠᠭᠠᠷᠠᠯᠲᠠᠢ ᠡᠮᠬᠢ ᠳᠢᠭᠯᠢᠮ ᠲᠠᠢ ᠪᠠᠷ ᠠᠵᠢᠯᠯᠠᠵᠠᠭᠠᠨ᠎ᠠ᠃ ᠣᠳᠣᠬᠠᠨ ᠳᠤ᠂ ᠠᠵᠤ ᠦᠢᠯᠡᠰ | ᠬᠤᠲᠠ ᠶᠢᠨ ᠠᠭᠤᠰᠤᠯᠴᠠᠯ ᠤᠨ ᠰᠠᠭᠤᠷᠢᠨ ᠭᠠᠵᠠᠷ ᠤᠨ ᠭᠤᠤᠯ ᠴᠣᠭᠴᠠ ᠶᠢᠨ ᠢᠨᠵᠧᠨᠧᠷᠢᠩ ᠢ ᠨᠢᠭᠡᠨᠲᠡ | ᠳᠠᠭᠤᠰᠬᠠᠭᠰᠠᠨ ᠪᠠᠶᠢᠨ᠎ᠠ᠃ ᠲᠣᠰ ᠰᠠᠭᠤᠷᠢᠨ ᠭᠠᠵᠠᠷ ᠤᠨ ᠪᠠᠷᠢᠯᠭ᠎ᠠ ᠶᠢᠨ ᠲᠠᠯᠠᠪᠠᠶ ᠨᠢ 820 ᠭᠠᠷᠤᠶ ᠲᠡᠭᠰᠢ | ᠳᠥᠷᠪᠡᠯᠵᠢᠨ ᠮᠧᠲᠷ ᠲᠤ ᠬᠦᠷᠴᠦ᠂ ᠶᠡᠷᠦᠩᠬᠡᠶᠢᠯᠡᠭᠰᠡᠨ ᠴᠢᠨᠠᠷᠲᠠᠶ ᠠᠵᠤ ᠦᠢᠯᠡᠰ ᠤᠨ ᠲᠥᠷᠥᠯ ᠵᠦᠢᠯ ᠪᠣᠯᠵᠣ᠂ | ᠠᠷᠠᠳ ᠤᠨ ᠪᠠᠭᠤᠳᠠᠯ᠂ ᠢᠳᠡᠭᠡᠨ ᠤᠮᠳᠠᠭᠠᠨ᠂ ᠵᠤᠭ᠎ᠠ ᠴᠡᠩᠭᠡᠯ ᠵᠡᠷᠭᠡ ᠣᠯᠠᠨ ᠡᠰᠢᠲᠦ ᠡᠵᠡᠩᠨᠡᠯᠲᠡ ᠶᠢᠨ ᠬᠡᠯᠪᠡᠷᠢ | ᠪᠠᠶᠢᠳᠠᠯ ᠢ ᠠᠭᠤᠰᠤᠯᠴᠠᠭᠤᠯᠬᠤ ᠪᠠᠷ ᠲᠥᠯᠥᠪᠵᠢᠭᠦᠯᠵᠦ᠂ ᠪᠠᠶᠢᠭᠤᠯᠵᠤ ᠳᠠᠭᠤᠰᠤᠭᠰᠠᠨ ᠤ ᠳᠠᠷᠠᠭ᠎ᠠ ᠲᠣᠰᠬᠤᠨ ᠤ | ᠬᠠᠮᠲᠤ ᠶᠢᠨ ᠠᠵᠤ ᠠᠬᠤᠶ ᠶᠢ ᠪᠤᠵᠠᠭᠠᠶᠢᠷᠠᠭᠤᠯᠬᠤ᠂ ᠲᠣᠰᠬᠤᠨ ᠤ ᠠᠷᠠᠳ ᠢ ᠳᠠᠶᠢᠴᠢᠯᠠᠨ ᠣᠷᠣᠯᠭ᠎ᠠ ᠶᠢ ᠨᠢ | ᠨᠡᠮᠡᠭᠳᠡᠭᠦᠯᠦᠨ ᠪᠠᠶᠠᠵᠢᠭᠤᠯᠬᠤ ᠶᠢᠨ ᠬᠦᠴᠦᠲᠦ ᠬᠥᠳᠡᠯᠭᠡᠭᠦᠷ ᠪᠣᠯᠬᠤ ᠪᠣᠯᠤᠨ᠎ᠠ᠃ | ︽ᠯᠢᠦ ᠱᠤ᠋ ᠴᠤᠸᠠᠨ ᠲᠣᠰᠬᠤᠨ ᠤ ᠠᠵᠤ ᠦᠢᠯᠡᠰ ᠬᠤᠳᠠ ᠶᠢᠨ ᠠᠭᠤᠰᠤᠯᠴᠠᠯ ᠤᠨ ᠰᠠᠭᠤᠷᠢᠨ ᠭᠠᠵᠠᠷ ᠨᠢ | ᠣᠳᠣᠬᠠᠨ ᠳᠤ ᠨᠢᠭᠡᠨᠲᠡ ᠭᠤᠣᠯ ᠴᠣᠭᠴᠠ ᠶᠢᠨ ᠪᠠᠷᠢᠯᠭ᠎ᠠ ᠶᠢᠨ ᠠᠵᠢᠯ ᠢ ᠪᠡᠶᠡᠯᠡᠭᠦᠯᠵᠦ᠂ ᠵᠢᠱᠢᠯᠲᠡ ᠪᠠᠷ 8 | ᠰᠠᠷ᠎ᠠ ᠶᠢᠨ ᠳᠤᠮᠳᠠᠴᠢ ᠪᠠᠷ ᠪᠦᠬᠦ ᠲᠠᠯ᠎ᠠ ᠪᠠᠷ ᠪᠠᠷᠢᠯᠭ᠎ᠠ ᠳᠠᠭᠤᠰᠬᠠᠨ᠎ᠠ᠃ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ ᠶᠢᠨ ᠶᠠᠪᠤᠴᠠ ᠳᠤ᠂ ᠮᠠᠲ᠋ᠧᠷᠢᠶᠠᠯ ᠢ ᠲᠠᠯᠠᠪᠠᠶ ᠳᠤ ᠣᠷᠣᠭᠤᠯᠬᠤ ᠠᠴᠠ ᠡᠬᠢᠯᠡᠭᠡᠳ ᠡᠯ᠎ᠡ ᠵᠦᠢᠯ ᠤᠨ | ᠠᠵᠢᠯ ᠤᠨ ᠶᠠᠪᠤᠴᠠ ᠳᠤ ᠪᠠᠷᠢᠮᠵᠢᠶᠠᠵᠢᠭᠰᠠᠨ ᠶᠠᠪᠤᠴᠠ ᠶᠢ ᠬᠡᠷᠡᠭᠵᠢᠭᠦᠯᠵᠦ᠂ ᠲᠣᠭᠲᠠᠮᠠᠯ ᠬᠤᠭᠤᠴᠠᠭ᠎ᠠ ᠲᠠᠢ ᠪᠠᠷ | ᠠᠮᠤᠷ ᠲᠦᠪᠰᠢᠨ ᠤ ᠪᠣᠯᠪᠠᠰᠤᠷᠠᠯ ᠬᠢᠵᠦ᠂ ᠴᠠᠭ ᠲᠤᠬᠠᠶ ᠳᠤᠨᠢ ᠬᠡᠮ ᠰᠣᠭᠤᠭ ᠢ ᠵᠢᠭᠰᠠᠭᠠᠨ ᠪᠠᠶᠢᠴᠠᠭᠠᠵᠤ᠂ | ᠠᠵᠢᠯᠯᠠᠭᠠᠨ ᠤ ᠬᠢᠨᠠᠯᠲᠠ ᠬᠠᠮᠢᠶᠠᠷᠤᠯᠲᠠ ᠶᠢ ᠵᠢᠷᠤᠮᠵᠢᠭᠤᠯᠤᠨ᠂ ᠪᠠᠷᠢᠯᠭ᠎ᠠ ᠶᠢᠨ ᠠᠵᠢᠯᠲᠠᠨ ᠤ ᠠᠮᠢ ᠨᠠᠰᠤᠨ ᠤ ᠠᠮᠤᠷ | ᠲᠦᠪᠰᠢᠨ ᠢ ᠪᠥᠬᠦ ᠲᠠᠯ᠎ᠠ ᠪᠠᠷ ᠪᠠᠲᠤᠯᠠᠵᠤ᠂ ᠲᠥᠷᠥᠯ ᠵᠦᠢᠯ ᠤᠨ ᠴᠢᠨᠠᠷ ᠰᠠᠶᠢᠲᠠᠶ ᠪᠥᠭᠡᠳ ᠯᠠᠪᠳᠠᠭᠤᠨ ᠢᠶᠠᠷ | ᠠᠬᠢᠬᠤ ᠶᠢ ᠦᠨᠡᠨ ᠬᠦ ᠪᠠᠲᠤᠯᠠᠨ᠎ᠠ︾ ᠭᠡᠵᠦ ᠬᠢᠩᠭᠠᠨ ᠠᠶᠢᠮᠠᠭ ᠤᠨ ᠲᠠᠢ ᠲᠦ᠋ ᠵᠠᠰᠠᠯ ᠴᠢᠮᠡᠭᠯᠡᠯ ᠤᠨ ᠪᠠᠷᠢᠯᠭ᠎ᠠ ᠶᠢᠨ | ᠢᠨᠵᠧᠨᠧᠷᠢᠩ ᠤᠨ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ ᠯᠢᠦ ᠬᠠᠶ ᠬᠤᠤ ᠰᠤᠷᠪᠤᠯᠵᠢᠯᠠᠭᠴᠢ ᠳᠤ ᠬᠡᠯᠡᠪᠡ᠃ | ᠣᠶᠢᠯᠠᠭᠠᠭᠰᠠᠨ ᠢᠶᠠᠷ᠂ ᠯᠢᠦ ᠱᠤ᠋ ᠴᠤᠸᠠᠨ ᠲᠣᠰᠬᠤᠨ ᠤ ᠠᠵᠤ ᠦᠢᠯᠡᠰ ᠬᠤᠳᠠ ᠶᠢᠨ ᠠᠭᠤᠰᠤᠯᠴᠠᠯ ᠤᠨ | ᠰᠠᠭᠤᠷᠢᠨ ᠭᠠᠵᠠᠷ ᠲᠥᠯᠥᠪᠵᠢᠭᠦᠯᠭᠡ ᠶᠢᠨ ᠡᠬᠢᠨ ᠤ ᠦᠶ᠎ᠡ ᠠᠴᠠ ᠪᠠᠨ ᠬᠥᠳᠡᠭᠡ ᠲᠣᠰᠬᠤᠨ ᠤ ᠣᠨᠴᠠᠯᠢᠭ ᠪᠣᠯᠤᠨ | ᠵᠠᠬ᠎ᠠ ᠳᠡᠯᠭᠡᠭᠦᠷ ᠤᠨ ᠬᠡᠷᠡᠭᠴᠡᠭᠡ ᠳᠤ ᠰᠠᠭᠤᠷᠢᠯᠠᠵᠤ᠂ ᠲᠤᠬᠠᠢ ᠶᠢᠨ ᠭᠠᠵᠠᠷ ᠤᠨ ᠪᠠᠶᠢᠭᠠᠯᠢ ᠶᠢᠨ ᠡᠬᠢ ᠪᠠᠶᠠᠯᠢᠭ | ᠪᠣᠯᠤᠨ ᠠᠷᠠᠳ ᠤᠨ ᠵᠠᠩ ᠦᠢᠯᠡ ᠶᠢᠨ ᠰᠣᠶᠣᠯ ᠢ ᠭᠦᠨᠵᠡᠭᠡᠢ ᠠᠭᠤᠳᠠᠯᠤᠭᠰᠠᠨ ᠪᠠᠶᠢᠨ᠎ᠠ᠃ ᠰᠠᠭᠤᠷᠢᠨ ᠭᠠᠵᠠᠷ ᠢ | ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ᠂ ᠵᠢᠭᠤᠯᠴᠢᠯᠠᠭᠴᠢᠳ ᠲᠤ ᠬᠥᠳᠡᠭᠡ ᠲᠣᠰᠬᠤᠨ ᠤ ᠪᠠᠭᠤᠳᠠᠯ ᠵᠡᠷᠭᠡ | ᠤᠯᠠᠨ ᠶᠠᠩᠵᠤ ᠶᠢᠨ ᠬᠡᠷᠡᠭᠴᠡᠭᠡ ᠱᠠᠭᠠᠷᠳᠠᠯᠭ᠎ᠠ ᠶᠢ ᠪᠦᠬᠦ ᠲᠠᠯ᠎ᠠ ᠪᠠᠷ ᠬᠠᠩᠭᠠᠨ᠎ᠠ᠃ ᠰᠠᠭᠤᠷᠢᠨ ᠭᠠᠵᠠᠷ ᠤᠨ | ᠪᠦᠳᠦᠭᠡᠨ ᠪᠠᠶᠢᠭᠤᠯᠤᠯᠲᠠ ᠳᠤ ᠣᠷᠣᠯᠴᠠᠭᠰᠠᠨ 20 ᠭᠠᠷᠤᠢ ᠪᠠᠷᠢᠯᠭ᠎ᠠ ᠶᠢᠨ ᠠᠵᠢᠯᠴᠢᠨ ᠪᠦᠷ ᠡᠷᠬᠢᠨ ᠲᠣᠭᠤᠷᠢᠨ ᠤ | ᠠᠶᠢᠯ ᠲᠣᠰᠬᠤᠨ ᠠᠴᠠ ᠢᠷᠡᠵᠤ᠂ ᠲᠡᠳᠡ ᠡᠳᠦᠷ ᠪᠦᠷᠢ ᠳᠤᠮᠳᠠᠴᠢ ᠪᠠᠷ 300 ᠭᠠᠷᠤᠢ ᠲᠥᠭᠦᠷᠢᠭ ᠤᠨ ᠣᠷᠣᠯᠭ᠎ᠠ | ᠣᠯᠤᠨ᠎ᠠ᠃ | ︽ᠰᠠᠭᠤᠷᠢᠨ ᠭᠠᠵᠠᠷ ᠪᠠᠶᠢᠭᠤᠯᠤᠭᠳᠠᠭᠰᠠᠨ ᠤ ᠳᠠᠷᠠᠭ᠎ᠠ᠂ ᠪᠢᠳᠡ ᠯᠢᠦ ᠱᠤ᠋ ᠴᠤᠸᠠᠨ ᠲᠣᠰᠬᠤᠨ ᠤ ᠤᠨᠴᠠᠯᠢᠬᠳᠤ | ᠰᠣᠶᠣᠯ ᠢ ᠠᠭᠤᠰᠬᠠᠭᠰᠠᠨ ᠢᠳᠡᠭᠡᠨ ᠤᠮᠳᠠᠭᠠᠨ᠂ ᠠᠷᠠᠳ ᠤᠨ ᠪᠠᠭᠤᠳᠠᠯ᠂ ᠵᠤᠭ᠎ᠠ ᠴᠡᠩᠭᠡᠯ ᠢ ᠨᠢᠭᠡ | ᠴᠤᠭᠴᠠᠵᠢᠭᠤᠯᠤᠭᠰᠠᠨ ᠲᠠᠯᠠᠪᠤᠷ ᠭᠠᠵᠠᠷ ᠢ ᠪᠠᠶᠢᠭᠤᠯᠤᠨ᠎ᠠ᠃ ᠡᠨᠡ ᠨᠢ ᠲᠣᠰᠬᠤᠨ ᠤ ᠬᠠᠮᠲᠤ ᠶᠢᠨ ᠠᠵᠤ ᠠᠬᠤᠢ ᠶᠢᠨ | ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠥᠷᠭᠡᠳᠬᠡᠵᠦ ᠴᠢᠳᠠᠬᠤ ᠪᠠᠷ ᠪᠠᠷᠠᠬᠤ ᠦᠭᠡᠢ ᠪᠠᠰᠠ ᠤᠨᠴᠠᠯᠢᠬᠳᠤ | ᠰᠣᠶᠣᠯ ᠢᠶᠠᠷ ᠬᠤᠯᠪᠣᠭᠠᠰᠤ ᠪᠣᠯᠭᠠᠵᠤ᠂ ᠵᠢᠭᠤᠯᠴᠢᠯᠠᠭᠴᠢᠳ ᠢ ᠲᠠᠲᠠᠵᠤ᠂ ᠣᠷᠣᠨ ᠨᠤᠲᠤᠭ ᠤᠨ ᠰᠣᠶᠣᠯ ᠢ | ᠤᠯᠠᠮᠵᠢᠯᠠᠵᠤ ᠴᠢᠳᠠᠨ᠎ᠠ᠃ ᠡᠭᠦᠨ ᠤ ᠬᠠᠮᠳᠤ᠂ ᠠᠵᠢᠯ ᠤᠨ ᠪᠠᠶᠢᠷᠢ ᠬᠠᠩᠭᠠᠬᠤ ᠪᠠᠷ ᠳᠠᠮᠵᠢᠭᠤᠯᠤᠨ᠂ ᠲᠣᠰᠬᠤᠨ ᠤ | ᠠᠷᠠᠳ ᠤᠨ ᠪᠡᠶ᠎ᠡ ᠪᠠᠨ ᠳᠠᠭᠠᠭᠠᠵᠤ ᠦᠢᠯᠡᠰ ᠪᠤᠰᠬᠠᠬᠤ ᠶᠢ ᠳᠠᠶᠢᠴᠢᠯᠠᠵᠤ᠂ ᠲᠣᠰᠬᠤᠨ ᠤ ᠠᠷᠠᠳ ᠲᠤ | ᠣᠷᠣᠯᠭ᠎ᠠ ᠪᠠᠨ ᠨᠡᠮᠡᠭᠳᠡᠭᠦᠯᠬᠦ ᠣᠯᠠᠨ ᠡᠰᠢᠴᠢᠯᠡᠭᠰᠡᠨ ᠠᠷᠭ᠎ᠠ ᠵᠠᠮ ᠢ ᠨᠡᠭᠡᠭᠡᠨ ᠥᠭᠴᠦ᠂ ᠠᠵᠤ ᠦᠢᠯᠡᠰ ᠤᠨ | ᠬᠥᠭᠵᠢᠯᠲᠡ ᠪᠠ ᠰᠣᠶᠣᠯ ᠤᠨ ᠤᠯᠠᠮᠵᠢᠯᠠᠯ ᠤᠨ ᠬᠤᠤᠰ ᠠᠮᠵᠢᠯᠲᠠ ᠶᠢ ᠪᠡᠶᠡᠯᠡᠭᠦᠯᠦᠨ᠎ᠡ︾ ᠭᠡᠵᠦ ᠬᠤᠷᠴᠢᠨ | ᠪᠠᠯᠭᠠᠰᠤᠨ ᠤ ᠯᠢᠦ ᠱᠤ᠋ ᠴᠤᠸᠠᠨ ᠲᠣᠰᠬᠤᠨ ᠤ ᠨᠠᠮ ᠤᠨ ᠡᠭᠦᠷ ᠤᠨ ᠳᠡᠳ᠋ ᠱᠦᠵᠢ ᠵᠦ ᠬᠤᠩ ᠵᠢᠶᠦ᠋ᠨ | ᠲᠠᠨᠢᠯᠴᠠᠭᠤᠯᠪᠠ᠃ | |