— ᠬᠤᠷᠴᠢᠨ ᠪᠠᠷᠠᠭᠤᠨ ᠭᠠᠷᠤᠨ ᠡᠮᠦᠨᠡᠳᠤ ᠬᠤᠰᠢᠭᠤ ᠶᠢᠨ ᠬᠦᠢᠯᠡᠷ ᠪᠠᠯᠭᠠᠰᠤ ᠶᠢᠨ ᠪᠠᠳᠠᠷᠠᠩᠭᠤᠢ ᠪᠠᠭ᠎ᠠ | ᠰᠤᠷᠭᠠᠭᠤᠯᠢ ᠬᠡᠪ ᠴᠢᠨᠡᠷ ᠤᠨ ᠰᠤᠷᠭᠠᠨ ᠬᠦᠮᠦᠵᠢᠯ ᠢ ᠠᠬᠢᠭᠤᠯᠵᠦ ᠪᠠᠶᠢᠭ᠎ᠠ ᠲᠤᠬᠠᠢ ᠲᠡᠮᠳᠡᠭᠯᠡᠯ | ᠡᠨᠡ ᠬᠡᠳᠦᠨ ᠵᠢᠯ᠂ ᠬᠤᠷᠴᠢᠨ ᠪᠠᠷᠠᠭᠤᠨ ᠭᠠᠷᠤᠨ ᠡᠮᠦᠨᠡᠳᠤ ᠬᠤᠰᠢᠭᠤ ᠶᠢᠨ ᠬᠦᠢᠯᠡᠷ ᠪᠠᠯᠭᠠᠰᠤ ᠶᠢᠨ | ᠪᠠᠳᠠᠷᠠᠩᠭᠤᠢ ᠪᠠᠭ᠎ᠠ ᠰᠤᠷᠭᠠᠭᠤᠯᠢ ︽ᠬᠦᠳᠡᠭᠡ ᠲᠤᠰᠬᠤᠨ ᠮᠠᠯᠵᠢᠬᠤ ᠤᠷᠤᠨ ᠤ ᠬᠡᠤᠬᠡᠳ ᠢ ᠡᠬᠦᠳᠡᠨ ᠡᠮᠦᠨ᠎ᠡ ᠪᠠᠨ | ᠰᠠᠭᠤᠵᠦ ᠪᠠᠶᠢᠭᠠᠳ ᠰᠢᠯᠢᠳᠡᠭ ᠰᠤᠷᠭᠠᠨ ᠬᠦᠮᠦᠵᠢᠯ ᠬᠦᠷᠳᠡᠬᠡᠬᠦ︾ ᠰᠤᠷᠭᠠᠭᠤᠯᠢ ᠡᠷᠬᠢᠯᠡᠬᠦ ᠤᠶᠢᠯᠠᠭᠠᠭᠳᠠᠬᠤᠨ ᠢ | ᠲᠡᠬᠡᠳᠦᠯᠡᠨ᠂ ︽ᠴᠢᠨᠡᠷ ᠴᠢᠨᠰᠠᠭ᠎ᠠ ᠲᠠᠢ ᠰᠤᠷᠭᠠᠭᠤᠯᠢ ᠡᠷᠬᠢᠯᠡᠬᠦ ᠶᠢ ᠲᠡᠰ ᠲᠡᠪᠰᠢᠬᠦᠯᠵᠦ᠂ ᠰᠤᠷᠤᠭᠴᠢᠳ ᠤᠨ ᠪᠦᠬᠦ | ᠲᠠᠯ᠎ᠠ ᠶᠢᠨ ᠬᠦᠭᠵᠢᠯᠳᠡ ᠶᠢ ᠠᠬᠢᠭᠤᠯᠬᠤ︾ ᠪᠠᠷ ᠬᠠᠷᠠᠯᠳᠠ ᠪᠤᠯᠭᠠᠵᠦ᠂ ᠬᠢᠴᠢᠶᠡᠯ ᠬᠦᠮᠦᠵᠢᠯ ᠵᠢᠭᠠᠨ | ᠰᠤᠷᠭᠠᠯᠳᠠ ᠶᠢᠨ ᠰᠢᠷᠢᠰ ᠠᠵᠢᠯᠯᠠᠭ᠎ᠠ ᠦᠷᠨᠢᠬᠦᠯᠵᠦ᠂ ᠮᠤᠷᠠᠯ᠂ ᠮᠡᠳᠡᠯᠬᠡ᠂ ᠪᠡᠶ᠎ᠡ ᠮᠠᠬᠠᠪᠤᠳ᠂ ᠭᠤᠸ᠎ᠠ ᠰᠠᠶᠢᠬᠠᠨ ᠪᠠ | ᠬᠦᠳᠡᠯᠮᠦᠷᠢ ᠵᠡᠷᠬᠡ ᠪᠦᠬᠦ ᠲᠠᠯ᠎ᠠ ᠪᠠᠷ ᠬᠦᠭᠵᠢᠭᠰᠡᠨ ᠰᠤᠷᠤᠭᠴᠢ ᠬᠦᠮᠦᠵᠢᠬᠦᠯᠬᠦ ᠲᠠᠯ᠎ᠠ ᠪᠠᠷ ᠢᠯᠡᠳᠳᠡ ᠠᠮᠵᠢᠯᠳᠠ | ᠤᠯᠤᠭᠰᠠᠨ ᠪᠠᠶᠢᠨ᠎ᠠ᠃ | | ᠪᠠᠳᠠᠷᠠᠩᠭᠤᠢ ᠪᠠᠭ᠎ᠠ ᠰᠤᠷᠭᠠᠭᠤᠯᠢ ᠶᠢᠨ ᠨᠠᠮ ᠤᠨ ᠡᠬᠦᠷ ᠤᠨ ᠱᠦᠵᠢ᠂ ᠰᠤᠷᠭᠠᠭᠤᠯᠢ ᠶᠢᠨ ᠵᠠᠬᠢᠷᠤᠯ ᠪᠠᠢ ᠯᠢᠤ | ᠳ᠋ᠧ ᠶᠢᠨ ᠲᠠᠨᠢᠯᠴᠠᠭᠤᠯᠤᠭᠰᠠᠨ ᠢ ᠦᠨᠳᠦᠰᠦᠯᠡᠪᠡᠯ᠄ ᠲᠤᠰ ᠰᠤᠷᠭᠠᠭᠤᠯᠢ ᠶᠢᠨ ᠰᠤᠷᠤᠭᠴᠢ ᠪᠠᠭ᠎ᠠ ᠰᠤᠷᠭᠠᠭᠤᠯᠢ | ᠲᠡᠬᠦᠰᠴᠦ ᠠᠩᠬ᠎ᠠ ᠵᠡᠷᠬᠡ ᠶᠢᠨ ᠲᠤᠮᠳᠠᠳᠤ ᠰᠤᠷᠭᠠᠭᠤᠯᠢ ᠲᠡᠪᠰᠢᠬᠦ ᠰᠢᠯᠭᠠᠯᠳᠠ ᠳᠤ ᠲᠦᠷᠪᠡᠨ ᠵᠢᠯ ᠲᠠᠷᠠᠭᠠᠯᠠᠨ ᠪᠦᠬᠦ | ᠬᠤᠰᠢᠭᠤᠨ ᠤ ᠪᠠᠨ ᠡᠮᠦᠨ᠎ᠡ ᠭᠤᠷᠪᠠᠨ ᠨᠡᠷᠡᠰ ᠲᠤ ᠲᠤᠳᠤᠷᠠᠵᠠᠢ᠃ ᠨᠢᠳᠤᠨᠤᠨ ᠵᠢᠯ ᠤᠨ 7 ᠰᠠᠷ᠎ᠠ ᠳᠤ ᠪᠤᠯᠤᠭᠰᠠᠨ | ᠪᠦᠬᠦ ᠬᠤᠰᠢᠭᠤᠨ ᠤ ᠰᠤᠭᠤᠴᠢᠵᠦ ᠰᠢᠯᠭᠠᠭᠰᠠᠨ ᠰᠢᠯᠭᠠᠯᠳᠠ ᠳᠤ᠂ ᠰᠤᠷᠤᠭᠴᠢ ᠵᠠᠩ ᠴᠡᠪᠡᠷ ᠨᠢ ᠪᠦᠬᠦ | ᠬᠤᠰᠢᠭᠤᠨ ᠳᠤ ᠪᠠᠨ ᠨᠢᠬᠡᠳᠦᠬᠡᠷ ᠲᠤ ᠲᠤᠳᠤᠷᠠᠭᠰᠠᠨ ᠪᠠᠶᠢᠨ᠎ᠠ᠃ | | | 1947 ᠤᠨ ᠳᠤ ᠪᠠᠶᠢᠭᠤᠯᠤᠭᠳᠠᠭᠰᠠᠨ ᠬᠤᠷᠴᠢᠨ ᠪᠠᠷᠠᠭᠤᠨ ᠭᠠᠷᠤᠨ ᠡᠮᠦᠨᠡᠳᠤ ᠬᠤᠰᠢᠭᠤ ᠶᠢᠨ ᠬᠦᠢᠯᠡᠷ | ᠪᠠᠯᠭᠠᠰᠤ ᠶᠢᠨ ᠪᠠᠳᠠᠷᠠᠩᠭᠤᠢ ᠪᠠᠭ᠎ᠠ ᠰᠤᠷᠭᠠᠭᠤᠯᠢ ᠪᠤᠯ ᠬᠠᠭᠠᠰ ᠮᠠᠯᠵᠢᠬᠤ ᠬᠠᠭᠠᠰ ᠲᠠᠷᠢᠶᠠᠯᠠᠬᠤ ᠤᠷᠤᠨ ᠤ | ᠨᠡᠶᠢᠳᠡᠯᠢᠭ ᠤᠨᠴᠠᠯᠢᠭ ᠪᠦᠬᠦᠢ ᠪᠠᠶᠢᠷᠢᠯᠠᠵᠦ ᠰᠠᠭᠤᠬᠤ ᠲᠦᠷᠢᠮᠳᠤ ᠪᠠᠭ᠎ᠠ ᠰᠤᠷᠭᠠᠭᠤᠯᠢ ᠪᠤᠯᠤᠨ᠎ᠠ᠃ | | | ᠤᠳᠤ ᠪᠦᠬᠦ ᠰᠤᠷᠭᠠᠭᠤᠯᠢ ᠪᠠᠷ ᠢᠶᠠᠨ ᠨᠡᠶᠢᠳᠡ 72 ᠪᠠᠭᠰᠢ ᠠᠵᠢᠯᠳᠠᠨ᠂ 278 ᠰᠤᠷᠤᠭᠴᠢ ᠲᠠᠢ᠃ | ᠡᠬᠦᠨ ᠠᠴᠠ ᠭᠠᠳᠠᠨ᠎ᠠ᠂ ᠲᠤᠰ ᠰᠤᠷᠭᠠᠭᠤᠯᠢ ᠨᠢ ᠰᠤᠷᠭᠠᠭᠤᠯᠢ ᠠᠴᠠ ᠬᠠᠮᠢᠶᠠᠷᠤᠳᠠᠭ ᠬᠡᠤᠬᠡᠳ ᠤᠨ ᠴᠡᠴᠡᠷᠯᠢᠭ | ᠡᠷᠬᠢᠯᠡᠵᠦ ᠪᠠᠶᠢᠭ᠎ᠠ ᠪᠦᠬᠡᠳ ᠴᠡᠴᠡᠷᠯᠢᠭ ᠲᠤ ᠰᠠᠭᠤᠭ᠎ᠠ ᠬᠡᠤᠬᠡᠳ ᠨᠡᠶᠢᠳᠡ 98 ᠪᠠᠶᠢᠨ᠎ᠠ᠃ | | | ᠲᠤᠰ ᠰᠤᠷᠭᠠᠭᠤᠯᠢ ᠨᠢ ᠰᠤᠷᠭᠠᠭᠤᠯᠢ ᠶᠢᠨ ᠢᠶᠠᠨ ᠪᠤᠳᠠᠳᠤ ᠪᠠᠶᠢᠳᠠᠯ ᠳᠤ ᠪᠠᠨ ᠰᠠᠭᠤᠷᠢᠯᠠᠵᠦ᠂ ᠨᠤᠳᠤᠭ | ᠤᠰᠤᠨ ᠤ ᠪᠠᠨ ᠰᠤᠶᠤᠯ ᠤᠨ ᠠᠭᠤᠷᠬᠠᠢ ᠶᠢ ᠬᠦᠢᠴᠡᠳ ᠠᠰᠢᠭᠯᠠᠵᠦ᠂ ᠤᠮᠠᠷᠠᠳᠤ ᠬᠢᠯᠢ ᠶᠢᠨ ᠰᠤᠶᠤᠯ ᠪᠠ | ᠦᠨᠳᠦᠰᠦᠳᠡᠨ ᠤ ᠪᠦᠯᠬᠦᠮᠳᠡᠯ ᠤᠨ ᠦᠯᠢᠬᠡᠷ ᠲᠡᠤᠬᠡ ᠶᠢ ᠡᠮᠬᠢᠯᠡᠨ ᠲᠡᠪᠳᠡᠷᠡᠯᠡᠵᠦ᠂ ᠰᠤᠷᠤᠭᠴᠢᠳ ᠤᠨ ᠬᠢᠴᠢᠶᠡᠯ ᠤᠨ | ᠭᠠᠳᠠᠭᠤᠷ ᠰᠤᠷᠤᠯᠴᠠᠬᠤ ᠠᠭᠤᠯᠭ᠎ᠠ ᠶᠢ ᠪᠠᠶᠠᠯᠢᠬᠵᠢᠭᠤᠯᠪᠠ᠃ ᠡᠬᠦᠨ ᠤ ᠬᠠᠮᠳᠤ᠂ ᠲᠤᠰ ᠰᠤᠷᠭᠠᠭᠤᠯᠢ ᠨᠢ | ᠰᠤᠷᠤᠭᠴᠢᠳ ᠤᠨ ᠦᠪᠡᠷ ᠤᠨ ᠲᠤᠷᠠᠰᠢᠯ ᠳᠠᠭᠠᠨ ᠬᠦᠳᠦᠯᠦᠭᠳᠡᠵᠦ᠂ ᠲᠤᠷᠠᠳᠠᠢ ᠪᠠᠭ᠋ᠠᠳᠠᠢ ᠵᠦᠢᠯ ᠢᠶᠠᠨ | ᠰᠤᠷᠤᠯᠴᠠᠬᠤ ᠳᠤᠨᠢ ᠨᠦᠬᠦᠴᠡᠯ ᠪᠦᠷᠢᠯᠳᠦᠬᠦᠯᠵᠦ ᠦᠭᠬᠦ ᠶᠢᠨ ᠲᠦᠯᠦᠬᠡ᠂ ᠮᠤᠷᠢᠨ ᠬᠤᠭᠤᠷ᠂ ᠲᠦᠷᠪᠡᠨ ᠤᠳᠠᠰᠤᠳᠤ | ᠬᠤᠭᠤᠷ᠂ ᠤᠷᠠᠨ ᠪᠢᠴᠢᠯᠬᠡ᠂ ᠤᠷᠠᠨ ᠵᠢᠷᠤᠭ᠂ ᠤᠷᠠᠨ ᠪᠦᠵᠢᠭ ᠪᠠ ᠬᠦᠯ ᠪᠦᠮᠪᠦᠭᠡ ᠵᠡᠷᠬᠡ ᠨᠡᠶᠢᠬᠡᠮᠯᠢᠭ | ᠪᠠᠶᠢᠭᠤᠯᠵᠦ᠂ ᠰᠤᠷᠤᠭᠴᠢᠳ ᠤᠨ ᠢᠶᠠᠨ ᠲᠤᠷ᠎ᠠ ᠪᠠᠬ᠎ᠠ ᠶᠢ ᠦᠨᠳᠦᠰᠦᠯᠡᠵᠦ ᠬᠡᠳᠦᠨ ᠶᠡᠭᠡ ᠨᠡᠶᠢᠬᠡᠮᠯᠢᠭ ᠢᠶᠠᠷ ᠵᠤᠬᠢᠶᠠᠨ | ᠪᠠᠶᠢᠭᠤᠯᠵᠦ᠂ ᠭᠠᠷᠠᠭ ᠪᠦᠷᠢ ᠶᠢᠨ ᠭᠠᠷᠠᠭ ᠤᠨ ᠬᠤᠶᠠᠷ ᠪᠠ ᠭᠠᠷᠠᠭ ᠤᠨ ᠲᠠᠪᠤᠨ ᠤ ᠲᠤᠯᠤᠭ᠎ᠠ ᠨᠠᠢᠮᠠᠳᠤᠭᠠᠷ | ᠬᠢᠴᠢᠶᠡᠯ ᠤᠨ ᠴᠠᠭ ᠢ ᠲᠤᠰᠬᠠᠶᠢᠯᠠᠨ ᠰᠤᠷᠤᠭᠴᠢᠳ ᠤᠨ ᠬᠢᠴᠢᠶᠡᠯ ᠤᠨ ᠭᠠᠳᠠᠭᠤᠷᠬᠢ ᠬᠦᠳᠡᠯᠬᠡᠬᠡᠨ ᠳᠤ ᠤᠷᠤᠯᠴᠠᠬᠤ | ᠴᠠᠭ ᠢᠶᠠᠷ ᠲᠤᠭᠳᠠᠭᠠᠵᠦ᠂ ᠲᠤᠰᠬᠠᠢ ᠪᠠᠭᠰᠢ ᠲᠤᠮᠢᠯᠠᠨ ᠵᠢᠭᠠᠨ ᠵᠢᠯᠤᠭᠤᠳᠤᠯᠭ᠎ᠠ ᠦᠷᠨᠢᠬᠦᠯᠬᠦ ᠶᠢ ᠪᠠᠷᠢᠮᠳᠠᠯᠠᠵᠦ | ᠢᠷᠡᠪᠡ᠃ ᠡᠬᠦᠨ ᠠᠴᠠ ᠭᠠᠳᠠᠨ᠎ᠠ᠂ ᠲᠤᠰ ᠰᠤᠷᠭᠠᠭᠤᠯᠢ ᠨᠢ ᠰᠤᠷᠤᠭᠴᠢᠳ ᠤᠨ ᠬᠢᠴᠢᠶᠡᠯ ᠤᠨ ᠭᠠᠳᠠᠭᠤᠷ | ᠰᠤᠷᠤᠯᠴᠠᠭᠰᠠᠨ ᠲᠤᠷ᠎ᠠ ᠪᠠᠬ᠎ᠠ ᠲᠠᠢ ᠬᠢᠴᠢᠶᠡᠯ ᠤᠨ ᠬᠢᠷᠢ ᠪᠦᠳᠦᠮᠵᠢ ᠶᠢ ᠪᠤᠯᠪᠠᠰᠤᠷᠠᠭᠤᠯᠵᠦ ᠰᠢᠯᠭᠠᠷᠠᠭᠤᠯᠬᠤ ᠳᠤ | ᠲᠠᠪᠴᠠᠩ ᠬᠠᠨᠭ᠍ᠭᠠᠵᠦ ᠦᠭᠬᠦ ᠶᠢᠨ ᠲᠦᠯᠦᠬᠡ᠂ ︽6 · 1︾ ᠤ ᠲᠡᠯᠡᠬᠡᠢ ᠶᠢᠨ ᠬᠡᠤᠬᠡᠳ ᠤᠨ ᠪᠠᠶᠠᠷ ᠤᠨ ᠡᠳᠦᠷ ᠢ | ᠲᠤᠷᠠᠰᠬᠠᠨ ᠪᠡᠯᠡᠭᠯᠡᠬᠦ ᠲᠠᠢ ᠤᠶᠠᠯᠳᠤᠭᠤᠯᠵᠦ᠂ ᠵᠢᠯ ᠪᠦᠷᠢ ᠪᠦᠬᠦ ᠰᠤᠷᠭᠠᠭᠤᠯᠢ ᠶᠢᠨ ᠬᠡᠪᠴᠢᠶᠠᠨ ᠤ ᠲᠠᠮᠢᠷ ᠤᠨ ᠨᠠᠶᠢᠷ | ᠂ ᠤᠷᠠᠯᠢᠭ ᠤᠨ ᠨᠠᠶᠢᠷ ᠪᠠ ᠰᠤᠶᠤᠯ ᠤᠨ ᠨᠠᠶᠢᠷ ᠡᠷᠬᠢᠯᠡᠵᠦ ᠢᠷᠡᠬᠦ ᠶᠢ ᠪᠡᠷᠢᠮᠳᠡᠯᠡᠪᠡ᠃ | | | ᠬᠦᠮᠦᠨ ᠤ ᠬᠦᠴᠦ᠂ ᠪᠤᠳᠠᠰ ᠤᠨ ᠬᠦᠴᠦ ᠪᠠ ᠡᠳ᠋ ᠤᠨ ᠬᠦᠴᠦ ᠮᠡᠳᠡᠭᠳᠡᠮ᠎ᠡ ᠬᠦᠷᠦᠯᠴᠡᠬᠦ ᠦᠬᠡᠢ ᠪᠠᠶᠢᠳᠡᠯ | ᠲᠤᠤᠷ᠎ᠠ᠂ ᠡᠯ᠎ᠡ ᠲᠠᠯ᠎ᠠ ᠶᠢᠨ ᠬᠦᠴᠢᠷᠳᠡᠯ ᠢ ᠲᠡᠰᠪᠤᠷᠢᠯᠡᠵᠦ᠂ ᠠᠷᠭ᠎ᠠ ᠪᠦᠬᠦᠨ ᠢ ᠰᠦᠪᠡᠭᠴᠢᠯᠡᠵᠦ᠂ ᠬᠡᠦᠬᠡᠳ | ᠲᠡᠬᠦᠤᠨᠡᠷ ᠲᠠᠭᠠᠨ ᠪᠦᠬᠦ ᠲᠠᠯ᠎ᠠ ᠪᠠᠷ ᠬᠦᠭᠵᠢᠭᠰᠡᠨ ᠴᠢᠳᠠᠪᠤᠷᠢᠳᠡᠨ ᠪᠤᠯᠵᠦ ᠬᠦᠮᠦᠵᠢᠭᠳᠡᠬᠦ ᠳᠤ ᠰᠠᠭᠤᠷᠢ ᠲᠠᠯᠪᠢᠵᠦ | ᠦᠭᠬᠦ ᠪᠠᠷ ᠵᠢᠳᠬᠦᠵᠦ ᠢᠷᠡᠭᠰᠡᠨ ᠤ ᠬᠠᠷᠢᠭᠤ᠂ ᠲᠤᠰ ᠰᠤᠷᠭᠠᠭᠤᠯᠢ ᠨᠢ ᠬᠤᠷᠢᠨ ᠲᠦᠷᠪᠡᠳᠦᠬᠡᠷ ᠬᠤᠭᠤᠴᠠᠭ᠎ᠠ ᠪᠠ | ᠬᠤᠷᠢᠨ ᠲᠠᠪᠤᠳᠤᠭᠠᠷ ᠬᠤᠭᠤᠴᠠᠭ᠎ᠠ ᠶᠢᠨ ᠪᠦᠬᠦ ᠬᠤᠰᠢᠭᠤᠨ ᠤ ᠪᠠᠨ ᠤᠷᠠᠯᠢᠭ ᠤᠨ ᠨᠠᠶᠢᠷ ᠤᠨ ᠤᠷᠤᠯᠳᠤᠭᠠᠨ ᠳᠤ | ᠬᠤᠶᠠᠷ ᠤᠳᠠᠭ᠎ᠠ ᠭᠤᠷᠪᠠᠳᠤᠭᠠᠷ ᠨᠡᠷᠡᠰ ᠲᠤ ᠲᠤᠳᠤᠷᠠᠵᠦ᠂ ᠨᠤᠳᠤᠭ ᠤᠰᠤᠨ ᠤ ᠪᠠᠨ ᠬᠦᠮᠦᠨ ᠠᠷᠠᠳ ᠤᠨ ᠦᠨᠳᠦᠷ | ᠦᠨᠡᠯᠡᠯᠳᠡ ᠶᠢ ᠬᠦᠷᠳᠡᠵᠦ ᠪᠠᠶᠢᠨ᠎ᠠ᠃ | | | ᠬᠦᠢᠯᠡᠷ ᠪᠠᠯᠭᠠᠰᠤ ᠶᠢᠨ ᠪᠠᠳᠠᠷᠠᠩᠭᠤᠢ ᠭᠠᠴᠠᠭ᠎ᠠ ᠶᠢᠨ ᠨᠡᠮ ᠤᠨ ᠡᠬᠦᠷ ᠤᠨ ᠱᠦᠵᠢ ᠪᠤᠤ ᡁᠢ ᠭᠠᠩ᠄ ︽ᠡᠨᠡ | ᠬᠡᠳᠦᠨ ᠵᠢᠯ᠂ ᠮᠠᠨ ᠤ ᠪᠠᠳᠠᠷᠠᠩᠭᠤᠢ ᠪᠠᠭ᠎ᠠ ᠰᠤᠷᠭᠠᠭᠤᠯᠢ ᠶᠢ ᠲᠤᠩ ᠡᠷᠴᠢᠮᠳᠠᠢ ᠡᠷᠬᠢᠯᠡᠵᠦ ᠪᠤᠢ᠃ ᠬᠢᠴᠢᠶᠡᠯ | ᠬᠦᠮᠦᠵᠢᠯ ᠵᠢᠭᠠᠨ ᠰᠤᠷᠭᠠᠯᠳᠠ ᠶᠢᠨ ᠲᠠᠯ᠎ᠠ ᠪᠠᠷ ᠮᠡᠳᠡᠭᠳᠡᠮ᠎ᠡ ᠲᠡᠬᠡᠭᠰᠢᠯᠡᠵᠦ ᠪᠠᠶᠢᠬᠤ ᠪᠠᠷ ᠪᠠᠷᠠᠬᠤ ᠦᠬᠡᠢ ᠬᠡᠤᠬᠡᠳ | ᠪᠠᠭᠠᠴᠤᠳ ᠤᠨ ᠲᠠᠭᠤᠤ ᠬᠦᠭᠵᠢᠮ᠂ ᠪᠡᠶ᠎ᠡ ᠶᠢᠨ ᠲᠠᠮᠢᠷ ᠪᠠ ᠤᠷᠠᠨ ᠵᠢᠷᠤᠭ ᠵᠡᠷᠬᠡ ᠪᠦᠬᠦ ᠲᠠᠯ᠎ᠠ ᠪᠠᠷ | ᠬᠦᠮᠦᠵᠢᠭᠳᠡᠭᠰᠡᠨ ᠴᠢᠳᠠᠪᠤᠷᠢᠳᠡᠨ ᠪᠤᠯᠭᠠᠵᠦ ᠬᠦᠮᠦᠵᠢᠬᠦᠯᠬᠦ ᠲᠠᠯ᠎ᠠ ᠪᠠᠷ ᠢᠳᠡᠪᠬᠢᠳᠡᠢ ᠰᠦᠪᠡᠭᠴᠢᠯᠡᠵᠦ ᠪᠤᠢ᠃ ᠪᠢᠳᠡ | ᠰᠤᠷᠭᠠᠭᠤᠯᠢ ᠶᠢᠨ ᠤᠳᠤᠷᠢᠳᠬᠤ ᠪᠠᠭ ᠤᠨ ᠨᠢᠬᠡ ᠰᠡᠳᠬᠢᠯ ᠨᠢᠬᠡ ᠵᠤᠷᠢᠭ ᠢᠶᠠᠷ ᠰᠤᠷᠭᠠᠭᠤᠯᠢ ᠡᠷᠬᠢᠯᠡᠵᠦ ᠪᠠᠶᠢᠭ᠎ᠠ ᠳᠤ | ᠰᠡᠳᠬᠢᠯ ᠬᠠᠨᠤᠮᠵᠢᠳᠠᠢ ᠪᠠᠶᠢᠨ᠎ᠠ︾ ᠬᠡᠵᠦ ᠰᠤᠷᠪᠤᠯᠵᠢᠯᠠᠭᠴᠢ ᠳᠤ ᠬᠡᠯᠡᠵᠤ ᠪᠠᠶᠢᠯ᠎ᠠ᠃ · ᠤᠷᠤᠭᠰᠢᠯᠠᠯᠳᠠ ᠪᠠᠢ ᠬᠠᠢ | ᠱᠦᠨ · |