ᠰᠦᠬᠡ ᠡᠮᠦᠨᠡᠲᠦ ᠬᠤᠰᠢᠭᠤᠨ ᠳᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠳᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠰᠢᠨᠵᠢᠯᠡᠨ ᠪᠠᠶᠢᠴᠠᠭᠠᠵᠦ ᠱᠠᠯᠠᠪᠳᠠᠭᠤᠯᠤᠨ ᠵᠢᠯᠣᠭᠤᠳᠴᠠᠢ
ᠨᠡᠶᠢᠲᠡᠯᠡᠭᠰᠡᠨ ᠴᠠᠭ᠄
2025/6/3
      5 ᠰᠠᠷ᠎ᠠ ᠶᠢᠨ 28 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶᠠᠨ ᠤ ᠱᠦᠵᠢ ᠰᠦᠬᠡ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠯᠢᠦ ᠱᠦ ᠴᠤᠸᠠᠨ ᠲᠣᠰᠬᠤᠨ ᠤ ᠨᠠᠮ ᠤᠨ ᠭᠡᠰᠢᠭᠦᠨ ᠣᠯᠠᠨ ᠲᠦᠮᠡᠨ ᠳᠤ ᠦᠢᠯᠡᠴᠢᠯᠡᠬᠦ ᠲᠥᠪ᠂ ᠡᠮᠤᠨᠡᠳᠥ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠳᠤ ᠭᠦᠨᠵᠡᠭᠡᠶᠢᠷᠡᠵᠦ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠪᠠᠶᠢᠳᠠᠯ ᠢ ᠰᠢᠨᠵᠢᠯᠡᠨ ᠪᠠᠶᠢᠴᠠᠭᠠᠵᠦ ᠱᠠᠯᠠᠪᠳᠠᠭᠤᠯᠤᠨ ᠵᠢᠯᠣᠭᠤᠳᠴᠤ᠂ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠤᠭᠰᠠᠨ ᠪᠠᠶᠢᠳᠠᠯ ᠢ ᠲᠤᠬᠠᠶ ᠶᠢᠨ ᠭᠠᠵᠠᠷ ᠲᠤᠨᠢ ᠣᠶᠢᠯᠠᠭᠠᠭᠰᠠᠨ ᠪᠥᠭᠡᠳ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠬᠠᠮᠢᠶ᠎ᠠ ᠪᠥᠬᠦᠶ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃      ᠰᠦᠬᠡ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠰᠤᠷᠤᠯᠴᠠᠯᠭ᠎ᠠ ᠬᠥᠮᠦᠵᠢᠯ ᠪᠣᠯᠤᠨ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠵᠡᠷᠭᠡ ᠭᠤᠣᠯᠳᠠᠯᠭ᠎ᠠ ᠲᠠᠢ ᠠᠵᠢᠯ ᠤᠨ ᠦᠷ᠎ᠡ ᠪᠦᠲᠦᠮᠵᠢ ᠶᠢ ᠭᠦᠢᠴᠡᠳ ᠨᠤᠳᠠᠯᠠᠵᠠᠢ᠃ ᠲᠡᠷᠡ ᠬᠡᠯᠡᠭᠰᠡᠨ ᠨᠢ᠂ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠴᠢᠬᠤᠯᠠᠴᠢᠯᠠᠬᠤ ᠬᠡᠮᠵᠢᠶ᠎ᠡ ᠪᠠᠨ ᠳᠡᠭᠡᠭᠰᠢᠯᠡᠭᠦᠯᠦᠨ᠂ ᠤᠯᠠᠮ ᠨᠢᠭᠡ ᠠᠯᠬᠤᠮ ᠴᠢᠩᠳᠠᠯᠠᠵᠤ᠂ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠤᠨᠤᠯ ᠤᠨ ᠰᠤᠷᠤᠯᠴᠠᠯᠭ᠎ᠠ ᠶᠢ ᠦᠷᠭᠦᠯᠵᠢᠯᠡᠨ ᠬᠦᠴᠦᠯᠡᠨ ᠰᠠᠶᠢᠲᠤᠷ ᠠᠳᠬᠤᠵᠤ᠂ ᠠᠰᠠᠭᠤᠳᠠᠯ ᠢ ᠪᠠᠶᠢᠴᠠᠭᠠᠨ ᠳᠡᠯᠭᠡᠬᠦ ᠶᠢ ᠪᠦᠬᠦ ᠲᠠᠯ᠎ᠠ ᠪᠠᠷ ᠭᠦᠨᠵᠡᠭᠡᠢ ᠰᠠᠶᠢᠲᠤᠷ ᠠᠳᠬᠤᠵᠤ᠂ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠴᠢᠩᠭ᠎ᠠ ᠪᠣᠳᠠᠲᠠᠢ ᠰᠠᠶᠢᠲᠤᠷ ᠠᠳᠬᠤᠵᠤ᠂ ᠵᠢᠭᠠᠨ ᠵᠢᠯᠣᠭᠤᠳᠴᠤ ᠬᠢᠨᠠᠨ ᠵᠢᠯᠣᠭᠤᠳᠬᠤ ᠶᠢ ᠤᠨᠢᠨ ᠳᠡᠭᠡᠷ᠎ᠡ ᠨᠢ ᠬᠦᠴᠦᠲᠡᠢ ᠰᠠᠶᠢᠲᠤᠷ ᠠᠳᠬᠤᠵᠤ᠂ ᠡᠭᠦᠳᠡ ᠪᠠᠨ ᠨᠡᠭᠡᠭᠡᠬᠦ ᠬᠥᠮᠦᠵᠢᠯ ᠢ ᠦᠨᠡᠨᠬᠦ ᠴᠢᠩᠭ᠎ᠠ ᠠᠳᠬᠤᠵᠤ᠂ ᠤᠯᠠᠨ ᠲᠦᠮᠡᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠰᠤᠷᠤᠯᠴᠠᠯᠭ᠎ᠠ ᠨᠢ ᠶᠠᠰᠤ ᠴᠢᠨᠠᠷ ᠲᠠᠢ᠂ ᠪᠠᠶᠢᠴᠠᠭᠠᠬᠤ ᠨᠢ ᠡᠷᠴᠢᠮ ᠲᠠᠢ᠂ ᠵᠠᠰᠠᠬᠤ ᠨᠢ ᠦᠷ᠎ᠡ ᠪᠦᠲᠦᠮᠵᠢ ᠲᠠᠢ ᠪᠠᠶᠢᠬᠤ ᠶᠢ ᠦᠨᠡᠨᠬᠦ ᠪᠡᠶᠡᠯᠡᠭᠦᠯᠬᠦ ᠬᠡᠷᠡᠭᠲᠡᠢ᠃ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢ ᠭᠤᠣᠯ ᠡᠭᠦᠷᠭᠡ ᠲᠠᠢ ᠤᠶᠠᠯᠳᠤᠭᠤᠯᠵᠤ᠂ ᠠᠵᠤ ᠠᠬᠤᠢ ᠶᠢᠨ ᠠᠵᠢᠯᠯᠠᠭᠠᠨ ᠢ ᠲᠣᠭᠲᠠᠪᠤᠷᠢᠵᠢᠭᠤᠯᠬᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠨᠠᠮ ᠤᠨ ᠪᠠᠶᠢᠭᠤᠯᠤᠯᠲᠠ ᠵᠢᠴᠢ ᠡᠯ᠎ᠡ ᠲᠦᠷᠦᠯ ᠤᠨ ᠬᠢᠨᠠᠨ ᠵᠢᠯᠣᠭᠤᠳᠴᠤ ᠪᠠᠶᠢᠴᠠᠭᠠᠬᠤ ᠪᠡᠯᠡᠳᠭᠡᠯ ᠠᠵᠢᠯ ᠢ ᠴᠢᠨᠠᠷ ᠰᠠᠶᠢᠲᠠᠢ ᠥᠨᠳᠥᠷ ᠪᠦᠲᠦᠮᠵᠢᠲᠡᠢ ᠰᠠᠶᠢᠲᠤᠷ ᠬᠢᠵᠦ᠂ ᠪᠣᠳᠠᠲᠤ ᠠᠵᠢᠯᠯᠠᠭ᠎ᠠ ᠪᠠᠷ ᠢᠶᠠᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠪᠡ᠃      ᠠᠶᠢᠮᠠᠭ ᠤᠨ ᠤᠳᠤᠷᠢᠳᠤᠯᠭ᠎ᠠ ᠴᠧᠩ ᠭᠤᠸᠠᠩ ᠵᠢᠶᠦ᠋ᠨ᠂ ᠴᠧᠨ ᠵᠢᠩ ᠬᠤᠸᠠ᠂ ᠭᠦ᠋ ᠯᠢ ᠮᠢᠨ᠂ ᠰᠦᠨ ᠱᠦ ᠲᠤᠤ ᠠᠵᠢᠯᠯᠠᠭ᠎ᠠ ᠳᠤ ᠣᠷᠣᠯᠴᠠᠵᠠᠢ᠃ ︵ᠬᠠᠨ ᠸᠧᠨ ᠪᠢᠨ ᠯᠢ ᠤᠭ᠍ᠶᠦ︶
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号