| ᠣᠶᠢᠷ᠎ᠠ ᠶᠢᠨ ᠬᠤᠭᠤᠴᠠᠭᠠᠨ ᠳᠤ ᠶᠠᠪᠤᠬᠳᠠᠬᠰᠠᠨ ᠪᠦᠬᠦ ᠤᠯᠤᠰ ᠤᠨ ᠨᠠᠢᠮᠠᠳᠤᠭᠠᠷ ᠬᠤᠭᠤᠴᠠᠭᠠᠨ ᠤ ᠳᠤᠮᠳᠠᠳᠤ | ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠤᠷᠠᠯᠢᠭ ᠤᠨ ᠦᠵᠡᠭᠦᠯᠭᠡ ᠳᠤ᠂ ᠬᠤᠷᠴᠢᠨ ᠪᠠᠷᠠᠭᠤᠨ ᠭᠠᠷᠤᠨ | ᠡᠮᠦᠨᠡᠲᠦ ᠬᠤᠰᠢᠭᠤᠨ ᠤ ᠨᠢᠭᠡᠳᠦᠭᠡᠷ ᠪᠠᠭ᠎ᠠ ᠰᠤᠷᠭᠠᠭᠤᠯᠢ ᠶᠢᠨ ᠪᠠᠭᠰᠢ ᠰᠤᠷᠤᠭᠴᠢᠳ ᠤᠨ ᠮᠣᠷᠢᠨ ᠬᠤᠭᠤᠷ ᠤᠨ | ᠬᠦᠭᠵᠢᠮ ᠤᠨ ᠪᠦᠲᠦᠭᠡᠯ ︽ᠲᠦᠮᠡᠨ ᠠᠭᠲᠠ ᠶᠢᠨ ᠲᠦᠪᠡᠷᠭᠡᠨ︾ ᠨᠢ ᠪᠦᠬᠦ ᠤᠯᠤᠰ ᠤᠨ ᠨᠠᠢᠮᠠᠳᠤᠭᠠᠷ | ᠬᠤᠭᠤᠴᠠᠭᠠᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠤᠷᠠᠯᠢᠭ ᠤᠨ ᠦᠵᠡᠭᠦᠯᠭᠡ ᠶᠢᠨ | ᠬᠥᠳᠡᠯᠭᠡᠭᠡᠨ ᠤ ᠬᠥᠭᠵᠢᠮ ᠤᠨ ᠲᠥᠷᠥᠯ ᠤᠨ ᠬᠤᠶᠠᠳᠤᠭᠠᠷ ᠳᠡᠰ ᠤᠨ ᠱᠠᠩᠨᠠᠯ ᠢ ᠬᠦᠷᠲᠡᠪᠡ᠃ | ᠡᠭᠦᠨ ᠤ ᠬᠠᠮᠲᠤ᠂ ᠡᠮᠦᠨᠡᠲᠦ ᠬᠤᠰᠢᠭᠤᠨ ᠤ ᠨᠢᠭᠡᠳᠦᠭᠡᠷ ᠪᠠᠭ᠎ᠠ ᠰᠤᠷᠭᠠᠭᠤᠯᠢ ᠶᠢᠨ ᠬᠥᠭᠵᠢᠮ ᠤᠨ ᠪᠦᠯᠬᠦᠮ | 2025 ᠤᠨ ᠤ ᠳᠣᠯᠣᠳᠤᠭᠠᠷ ᠬᠤᠭᠤᠴᠠᠭᠠᠨ ᠤ ︵ᠸᠢᠶᠧᠨᠠ︶ ᠳᠡᠯᠡᠬᠡᠶ ᠶᠢᠨ ᠰᠤᠷᠤᠭᠴᠢᠳ ᠤᠨ ᠤᠷᠠᠯᠢᠭ ᠤᠨ | ᠨᠠᠶᠢᠷ ᠤᠨ ᠤᠷᠢᠯᠭ᠎ᠠ ᠶᠢ ᠭᠥᠯᠢᠶᠡᠨ ᠠᠪᠴᠤ᠂ ᠣᠳᠣᠬᠠᠨ ᠳᠤ ᠪᠠᠭᠰᠢ ᠰᠣᠷᠣᠭᠴᠢᠳ ᠶᠠᠭ ᠪᠥᠬᠦ ᠬᠦᠴᠦᠨ ᠢᠶᠠᠷ ᠢᠶᠠᠨ | ᠤᠷᠤᠯᠳᠤᠭᠠᠨ ᠳᠤ ᠪᠡᠯᠡᠳᠭᠡᠵᠦ᠂ ᠤᠳᠠᠯ ᠥᠬᠡᠶ ᠣᠯᠠᠨ ᠤᠯᠤᠰ ᠤᠨ ᠲᠠᠪᠴᠠᠩ ᠳᠤ ᠬᠦᠷᠴᠦ ᠳᠡᠯᠡᠬᠡᠶ ᠶᠢᠨ ᠡᠯ᠎ᠡ | ᠭᠠᠵᠠᠷ ᠠᠴᠠ ᠢᠷᠡᠭᠰᠡᠨ ᠤᠷᠠᠯᠢᠭ ᠤᠨ ᠪᠦᠯᠬᠦᠮ ᠲᠠᠢ ᠬᠠᠮᠲᠤ ᠪᠠᠷ ᠦᠷᠢᠰᠤᠯᠳᠤᠬᠦ ᠪᠣᠯᠤᠨ᠎ᠠ᠃ | ᠣᠶᠢᠯᠠᠭᠠᠭᠰᠠᠨ ᠢᠶᠠᠷ᠂ ᠪᠥᠬᠦ ᠤᠯᠤᠰ ᠤᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ | ᠤᠷᠠᠯᠢᠭ ᠤᠨ ᠦᠵᠡᠭᠦᠯᠭᠡ ᠶᠢ ᠰᠤᠷᠭᠠᠨ ᠬᠥᠮᠦᠵᠢᠯ ᠤᠨ ᠶᠠᠮᠤᠨ ᠠᠴᠠ ᠭᠤᠤᠯᠯᠠᠨ ᠡᠷᠭᠢᠯᠡᠵᠦ᠂ ᠭᠤᠷᠪᠠᠨ ᠵᠢᠯ ᠳᠤ | ᠨᠢᠭᠡ ᠬᠤᠭᠤᠴᠠᠭ᠎ᠠ ᠡᠷᠬᠢᠯᠡᠵᠦ᠂ ᠮᠠᠨ ᠤ ᠤᠯᠤᠰ ᠤᠨ ᠪᠠᠷᠢᠮᠵᠢᠶ᠎ᠠ ᠪᠠᠷ ᠬᠠᠮᠤᠭ ᠤᠨ ᠥᠨᠳᠥᠷ᠂ ᠬᠡᠪᠴᠢᠶ᠎ᠡ ᠪᠠᠷ | ᠬᠠᠮᠤᠭ ᠤᠨ ᠶᠡᠭᠡ᠂ ᠨᠥᠯᠥᠭᠡ ᠪᠠᠷ ᠬᠠᠮᠤᠭ ᠤᠨ ᠥᠷᠭᠡᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ | ᠤᠷᠠᠯᠢᠭ ᠤᠨ ᠦᠪᠡᠳᠡᠭᠰᠢ ᠬᠤᠷᠠᠯ ᠪᠣᠯᠤᠨ᠎ᠠ᠃ ᠲᠤᠰ ᠬᠤᠭᠤᠴᠠᠭᠠᠨ ᠤ ᠦᠵᠡᠭᠦᠯᠭᠡ ᠨᠢ ︽ᠤᠷᠠᠯᠢᠭ ᠤᠨ ᠴᠤᠭ | ᠵᠢᠪᠬᠤᠭ᠎ᠠ ᠶᠢ ᠪᠠᠳᠠᠷᠠᠭᠤᠯᠤᠨ ᠤᠯᠤᠰ ᠢᠶᠠᠨ ᠬᠦᠴᠦᠷᠬᠡᠭᠵᠢᠭᠦᠯᠬᠦ ᠬᠦᠴᠦᠨ ᠢ ᠬᠥᠭᠵᠢᠭᠡᠬᠦ︾ ᠪᠠᠷ ᠭᠤᠣᠯ ᠰᠡᠳᠦᠪ | ᠪᠣᠯᠭᠠᠵᠤ᠂ 31 ᠮᠤᠵᠢ ︵ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ︶᠂ ᠰᠢᠨᠵᠢᠶᠠᠩ ᠤᠨ | ᠦᠢᠯᠡᠳᠪᠦᠷᠢᠯᠡᠯ ᠪᠦᠳᠦᠭᠡᠨ ᠪᠠᠶᠢᠭᠤᠯᠤᠯᠲᠠ ᠶᠢᠨ ᠪᠢᠩᠲ᠋ᠤᠸᠠᠨ᠂ ᠰᠢᠶᠠᠩᠭᠠᠩ ᠣᠨᠴᠠᠭᠠᠢ ᠵᠠᠰᠠᠭ ᠵᠠᠬᠢᠷᠭᠠᠨ ᠤ ᠣᠷᠣᠨ | ᠪᠣᠯᠤᠨ ᠣᠣᠮᠧᠨ ᠣᠨᠴᠠᠭᠠᠢ ᠵᠠᠰᠠᠭ ᠵᠠᠬᠢᠷᠭᠠᠨ ᠤ ᠣᠷᠣᠨ ᠤ 4000 ᠰᠢᠬᠠᠮ ᠪᠠᠭᠰᠢ ᠰᠤᠷᠤᠭᠴᠢ ᠶᠢᠨ | ᠲᠥᠯᠥᠭᠡᠯᠡᠭᠴᠢ ᠣᠷᠣᠯᠴᠠᠪᠠ᠃ ᠦᠵᠡᠭᠦᠯᠭᠡ ᠳᠤ ᠬᠦᠭᠵᠢᠮ᠂ ᠪᠥᠵᠢᠭ᠂ ᠰᠢ ᠵᠦᠴᠦᠭᠡ᠂ ᠤᠷᠠᠨ ᠤᠩᠰᠢᠯᠭ᠎ᠠ | ᠵᠡᠷᠭᠡ ᠶᠢ ᠪᠠᠭᠲᠠᠭᠠᠵᠤ᠂ ᠰᠤᠷᠤᠭᠴᠢ ᠶᠢᠨ ᠳᠡᠯᠭᠡᠨ ᠦᠵᠡᠭᠦᠯᠬᠦ ᠪᠠᠷ ᠭᠤᠤᠯ ᠴᠣᠭᠴᠠ ᠪᠣᠯᠭᠠᠵᠤ᠂ ᠤᠷᠠᠯᠢᠭ ᠤᠨ | ᠦᠵᠡᠭᠦᠯᠭᠡ ᠪᠠ ᠭᠤᠸ᠎ᠠ ᠰᠠᠶᠢᠬᠠᠨ ᠤ ᠬᠥᠮᠦᠵᠢᠯ ᠢ ᠤᠶᠠᠯᠳᠤᠭᠤᠯᠵᠠᠶ᠃ ︵ᠳᠠᠷᠬᠠᠨ︶ |