ᠢᠯᠡᠬᠦᠥ ᠠᠯᠬᠤᠪᠠᠯ ᠡᠷᠡᠭᠦᠯ ᠮᠡᠨᠳᠦ ᠳᠤ ᠳᠤᠰᠠᠳᠠᠢ
ᠨᠡᠶᠢᠲᠡᠯᠡᠭᠰᠡᠨ ᠴᠠᠭ᠄
2025/6/3
      ᠠᠮᠧᠷᠢᠺᠠ ᠶᠢᠨ ᠰᠲ᠋ᠠᠨᠹᠦᠷᠳ᠋ ᠶᠡᠭᠡ ᠰᠤᠷᠭᠠᠭᠤᠯᠢ ᠶᠢᠨ ᠰᠤᠳᠤᠯᠭᠠᠳᠠᠳ ᠬᠦᠮᠦᠨ ᠤ ᠡᠳᠦᠷ ᠪᠤᠯᠭᠠᠨ ᠤ ᠶᠠᠪᠠᠭᠠᠨ ᠶᠠᠪᠤᠭᠰᠠᠨ ᠠᠯᠬᠤᠮ ᠤᠨ ᠳᠤᠭ᠎ᠠ ᠪᠠᠷ ᠵᠢᠭᠠᠯᠳᠠ ᠳᠤᠭ᠎ᠠ ᠪᠤᠯᠭᠠᠵᠤ᠂ ᠪᠦᠬᠦ ᠪᠦᠮᠪᠦᠷᠴᠡᠭ ᠤᠨ 46 ᠤᠯᠤᠰ ᠤᠷᠤᠨ ᠤ ᠰᠠᠭᠤᠭᠠᠯᠢ ᠠᠷᠠᠳ ᠤᠨ ᠬᠦᠳᠡᠯᠭᠡᠭᠡᠨ ᠤ ᠳᠦᠪᠰᠢᠨ ᠳᠤ ᠵᠠᠳᠠᠯᠤᠯᠳᠠ ᠬᠢᠭᠰᠡᠨ ᠪᠠᠶᠢᠨ᠋᠎ᠠ᠃      ᠯᠦ ᠶᠤᠸᠠᠨ ᠵᠧᠨ ︵ᠬᠤᠸᠠᠨᠠᠨ ᠪᠠᠭᠰᠢ ᠶᠢᠨ ᠶᠡᠭᠡ ᠰᠤᠷᠭᠠᠭᠤᠯᠢ ᠶᠢᠨ ᠪᠡᠶ᠎ᠡ ᠶᠢᠨ ᠳᠠᠮᠢᠷ ᠨᠡᠶᠢᠭᠡᠮ ᠰᠤᠳᠤᠯᠤᠯ ᠤᠨ ᠫᠷᠦᠹᠧᠰᠰᠤᠷ︶ ᠤ ᠵᠠᠳᠠᠯᠤᠯᠳᠠ᠄      ᠶᠠᠪᠠᠭᠠᠨ ᠠᠯᠬᠤᠬᠤ ᠡᠰᠡᠬᠦ᠂ ᠭᠡᠳᠦᠢ ᠬᠤᠯᠠ ᠠᠯᠬᠤᠬᠤ ᠪᠤᠢ ᠭᠡᠳᠡᠭ ᠨᠢ ᠤᠯᠠᠨ ᠡᠯᠧᠮᠧᠨ᠋ᠲ᠋ᠧ ᠠᠴᠠ ᠰᠢᠯᠳᠠᠭᠠᠯᠠᠨ᠋᠎ᠠ᠂ ᠵᠢᠱᠢᠶᠡᠯᠡᠪᠡᠯ ᠬᠦᠮᠦᠰ ᠤᠨ ᠭᠡᠷ ᠪᠠᠶᠢᠭᠤᠯᠭ᠎ᠠ ᠶᠢᠨ ᠬᠤᠭᠤᠷᠤᠨᠳᠤᠬᠢ ᠵᠠᠢ᠂ ᠵᠠᠮ ᠬᠠᠷᠢᠯᠴᠠᠭᠠᠨ ᠤ ᠳᠠᠳᠬᠠᠯ ᠵᠡᠷᠭᠡ ᠤᠯᠠᠨ ᠳᠠᠯ᠎ᠠ ᠪᠠᠶᠢᠳᠠᠭ᠃ ᠮᠠᠨ ᠤ ᠤᠯᠤᠰ ᠲᠤ᠂ ᠦᠪᠡᠷ ᠤᠨ ᠮᠠᠰᠢᠨ ᠲᠠᠢ ᠬᠦᠮᠦᠨ ᠤ ᠳᠤᠭ᠎ᠠ ᠦᠳᠳᠡᠷ ᠳᠦᠷᠭᠡᠨ ᠨᠡᠮᠡᠭᠳᠡᠵᠦ ᠪᠠᠶᠢᠭ᠎ᠠ ᠪᠤᠯᠪᠠᠴᠤ ᠤᠯᠠᠩᠭᠢ ᠳᠤᠭᠠᠨ ᠤ ᠬᠤᠳᠠ ᠶᠢᠨ ᠰᠠᠭᠤᠭᠠᠯᠢ ᠠᠷᠠᠳ ᠠᠵᠢᠯ ᠳᠠᠭᠠᠨ ᠶᠠᠪᠤᠬᠤ᠂ ᠵᠡᠭᠡᠯᠢ ᠳᠤ ᠭᠠᠷᠬᠤ ᠵᠡᠷᠭᠡ ᠳᠤ ᠮᠦᠨ ᠯᠡ ᠨᠡᠶᠢᠳᠡ ᠶᠢᠨ ᠮᠠᠰᠢᠨ ᠳᠡᠷᠭᠡ᠂ ᠭᠠᠵᠠᠷ ᠳᠤᠤᠷᠠᠬᠢ ᠳᠡᠮᠦᠷ ᠵᠠᠮ ᠵᠡᠷᠭᠡ ᠶᠢᠨ ᠨᠡᠶᠢᠳᠡ ᠶᠢᠨ ᠵᠠᠮ ᠬᠠᠷᠢᠯᠴᠠᠭᠠᠨ ᠤ ᠪᠠᠭᠠᠵᠢ ᠳᠤ ᠳᠦᠰᠢᠭᠯᠡᠭᠰᠡᠭᠡᠷ ᠪᠠᠶᠢᠵᠦ᠂ ᠡᠯ᠎ᠠ ᠵᠤᠬᠰᠤᠭᠠᠯ ᠦᠷᠳᠡᠭᠡᠨ ᠤ ᠬᠤᠭᠤᠷᠤᠨᠳᠤ ᠦᠨᠳᠦᠰᠦᠨ ᠳᠡᠭᠡᠨ ᠶᠠᠪᠠᠭᠠᠨ ᠠᠯᠬᠤᠵᠤ ᠪᠠᠶᠢᠳᠠᠭ᠃ ᠦᠷᠦᠨᠡᠳᠠᠬᠢᠨ ᠤ ᠠᠯᠢ ᠤᠯᠠᠨ ᠤᠯᠤᠰ ᠤᠷᠤᠨ ᠤ ᠰᠠᠭᠤᠭᠠᠯᠢ ᠠᠷᠠᠳ ᠬᠠᠮ ᠳᠡᠯᠭᠡᠭᠦᠷ ᠲᠤ ᠤᠴᠢᠬᠤ ᠳᠠᠭᠠᠨ ᠴᠤ ᠮᠠᠰᠢᠨ ᠳᠡᠷᠭᠡ ᠵᠢᠯᠤᠭᠤᠳᠴᠤ ᠶᠠᠪᠤᠳᠠᠭ ᠲᠠᠢ ᠠᠳᠠᠯᠢᠳᠬᠠᠪᠠᠯ᠂ ᠮᠠᠨ ᠤ ᠤᠯᠤᠰ ᠤᠨ ᠰᠠᠭᠤᠭᠠᠯᠢ ᠠᠷᠠᠳ ᠠᠷᠠᠢ ᠢᠯᠡᠭᠦᠦ ᠶᠠᠪᠠᠭᠠᠨ ᠠᠯᠬᠤᠵᠤ ᠪᠠᠶᠢᠬᠤ ᠨᠢ ᠰᠠᠨᠠᠭᠠᠨ᠎ᠠ ᠠᠴᠠ ᠭᠠᠳᠠᠭᠤᠷ ᠶᠠᠪᠤᠳᠠᠯ ᠪᠢᠰᠢ᠃ ᠳᠠᠬᠢᠪᠠᠯ᠂ ᠮᠠᠨ ᠤ ᠤᠯᠤᠰ ᠤᠨ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠤᠬᠠᠮᠰᠠᠷ ᠶᠠᠪᠤᠬᠤ ᠳᠤᠳᠤᠮ ᠢᠶᠠᠨ ᠳᠡᠭᠡᠭᠰᠢᠯᠡᠵᠦ᠂ ︽ᠬᠤᠭᠤᠯᠠ ᠢᠳᠡᠵᠦ ᠬᠤᠳᠤᠭᠤᠳᠤ ᠪᠠᠨ ᠪᠤᠷᠳᠤᠬᠤ ᠠᠴᠠ ᠬᠦᠳᠡᠯᠭᠡᠭᠡᠨ ᠬᠢᠵᠦ ᠬᠦᠯᠦᠰᠦ ᠴᠢᠭᠢᠭᠯᠡᠭᠦᠯᠬᠦ︾ ᠶᠢ ᠬᠦᠭᠡᠭᠡᠴᠡᠯᠳᠦᠬᠦ ᠨᠢ ᠢᠯᠡᠭᠦᠦ ᠪᠤᠯᠵᠤ᠂ ᠶᠠᠪᠠᠭᠠᠨ ᠠᠯᠬᠤᠬᠤ ᠨᠢ ᠡᠷᠡᠭᠦᠯ ᠰᠠᠷᠠᠭᠤᠯ ᠠᠮᠢᠳᠤᠷᠠᠯ ᠤᠨ ᠪᠡᠯᠭᠡᠳᠡᠯ᠂ ᠤᠯᠠᠨ ᠴᠤ ᠬᠦᠮᠦᠨ ᠤ ᠬᠦᠭᠡᠭᠡᠴᠡᠯᠳᠦᠯ ᠪᠤᠯᠵᠤ ᠤᠯᠠᠮ ᠢᠶᠠᠷ ᠵᠠᠢ ᠠᠪᠬᠤ ᠪᠤᠯᠵᠠᠢ᠃      ᠤᠳᠤ ᠶᠢᠨ ᠬᠦᠮᠦᠨ ᠤ ᠬᠦᠳᠡᠯᠭᠡᠭᠡᠨ ᠬᠢᠵᠦ ᠪᠠᠶᠢᠭ᠎ᠠ ᠪᠠᠶᠢᠳᠠᠯ ᠳᠤ ᠬᠤᠶᠠᠷ ᠳᠦᠢᠯᠵᠢᠬᠤ ᠠᠰᠠᠭᠤᠳᠠᠯ ᠤᠷᠤᠰᠢᠵᠤ ᠪᠠᠶᠢᠨ᠋᠎ᠠ᠃ ᠠᠯᠢ ᠤᠯᠠᠨ ᠠᠯᠪᠠᠨ ᠠᠵᠢᠯ ᠲᠠᠢ ᠵᠠᠯᠠᠭᠤ ᠢᠳᠡᠷᠴᠤᠳ᠂ ᠮᠠᠰᠢᠨ ᠳᠡᠷᠭᠡ ᠵᠢᠯᠤᠭᠤᠳᠴᠤ ᠶᠠᠪᠤᠬᠤ ᠳᠠᠳᠬᠠᠯ ᠲᠠᠢ ᠪᠤᠯᠵᠤ᠂ ᠬᠦᠳᠡᠯᠭᠡᠭᠡᠨ ᠬᠢᠬᠦ ᠨᠢ ᠴᠦᠭᠡᠷᠡᠵᠦ᠂ ᠳᠠᠮᠢᠷ ᠳᠡᠩᠬᠡᠬᠡ ᠨᠢ ᠮᠠᠭᠤᠳᠠᠨ᠂ ᠪᠡᠶ᠎ᠡ ᠶᠢᠨ ᠬᠦᠨᠳᠦ ᠨᠢ ᠨᠡᠮᠡᠭᠳᠡᠵᠦ ᠪᠠᠶᠢᠨ᠋᠎ᠠ︔ ᠨᠦᠭᠦᠭᠡ ᠨᠢᠭᠡ ᠪᠦᠯᠦᠭ ᠨᠢ ᠡᠳᠦᠷ ᠪᠤᠯᠭᠠᠨ ᠠᠯᠬᠤᠬᠰᠠᠨ ᠳᠤᠭ᠎ᠠ ᠪᠠᠨ ᠭᠠᠶᠢᠬᠠᠭᠤᠯᠤᠨ ᠤᠷᠤᠯᠳᠤᠵᠤ᠂ ᠬᠦᠳᠡᠯᠭᠡᠭᠡᠨ ᠨᠢ ᠭᠡᠳᠦᠷᠡᠵᠦ ᠪᠠᠶᠢᠨ᠋᠎ᠠ᠃ ᠡᠷᠡᠭᠦᠯ ᠮᠡᠨᠳᠦ ᠶᠢᠨ ᠢᠶᠠᠨ ᠳᠦᠯᠦᠬᠡ᠂ ᠡᠳᠦᠷ ᠪᠤᠯᠭᠠᠨ 1 ᠲᠦᠮᠡᠨ ᠠᠯᠬᠤᠮ ᠠᠯᠬᠤᠬᠤ ᠪᠠᠷ ᠪᠤᠳᠤᠭᠰᠠᠨ ᠴᠤ ᠪᠠᠰᠠ ᠪᠠᠶᠢᠳᠠᠯ ᠢᠶᠠᠨ ᠦᠵᠡᠬᠦ ᠭᠡᠷᠡᠭᠳᠡᠢ᠃ ᠭᠡᠷᠪᠡ ᠬᠡᠪ ᠤᠨ ᠪᠠᠶᠢᠳᠠᠯ ᠢᠶᠠᠷ 1 ᠲᠦᠮᠡ ᠠᠯᠬᠤᠭᠰᠠᠨ ᠪᠤᠯ᠂ ᠳᠡᠭᠡᠷ᠎ᠠ ᠨᠢ ᠡᠳᠦᠷ ᠳᠤᠳᠤᠮ ᠤᠨ ᠡᠩ ᠤᠨ ᠤᠶᠢᠷ᠎ᠠ ᠵᠠᠭᠤᠷ᠎ᠠ ᠶᠢᠨ ᠶᠠᠪᠤᠵᠤ ᠰᠠᠭᠤᠭᠰᠠᠨ ᠢᠶᠠᠨ ᠨᠡᠮᠡᠪᠡᠯ᠂ ᠨᠢᠭᠡ ᠡᠳᠦᠷ ᠤᠨ ᠬᠦᠳᠡᠯᠭᠡᠭᠡᠨ ᠤ ᠬᠡᠮᠵᠢᠶ᠎ᠠ ᠨᠢ ᠨᠡᠯᠢᠶᠡᠳ ᠳᠤᠬᠢᠷᠠᠮᠵᠢᠳᠠᠢ ᠪᠠᠶᠢᠬᠤ ᠳᠠᠭᠠᠨ ᠤᠷᠤᠨ᠋᠎ᠠ︔ ᠭᠡᠷᠪᠡ ᠬᠤᠷᠳᠤᠨ ᠠᠯᠬᠤᠬᠤ ᠪᠤᠯᠪᠠᠰᠤᠷᠠᠯ ᠤᠨ ᠠᠷᠭ᠎ᠠ ᠶᠢ ᠠᠪᠴᠤ ᠪᠠᠶᠢᠭ᠎ᠠ ᠶᠤᠮ ᠪᠤᠯ ᠡᠳᠦᠷ ᠲᠤ 6000 ᠠᠯᠬᠤᠪᠠᠯ ᠡᠷᠡᠭᠦᠯ ᠮᠡᠨᠳᠦ ᠶᠢᠨ ᠴᠢᠨᠢ ᠱᠠᠭᠠᠷᠳᠠᠯᠭ᠎ᠠ ᠳᠤ ᠰᠠᠨᠠᠭ᠎ᠠ ᠠᠮᠤᠷ ᠬᠦᠷᠦᠨ᠋᠎ᠠ᠃      ᠠᠯᠬᠤᠯᠳᠠ ᠶᠢᠨ ᠳᠤᠭ᠎ᠠ ᠶᠢ ᠬᠡᠮᠵᠢᠳᠡᠭ ᠵᠦᠭᠡᠯᠡᠨ ᠳᠤᠨᠤᠭ ᠬᠡᠷᠡᠭᠯᠡᠭᠰᠡᠳ ᠤᠨ ᠤᠯᠠᠩᠭᠢ ᠨᠢ ᠵᠤᠷᠢᠯᠭ᠎ᠠ ᠲᠠᠢ ᠪᠠᠷ ᠢᠯᠡᠭᠦᠦ ᠬᠦᠳᠡᠯᠭᠡᠭᠡᠨ ᠬᠢᠬᠦ ᠶᠢ ᠬᠦᠭᠡᠭᠡᠴᠡᠯᠳᠦᠵᠦ ᠪᠠᠶᠢᠭ᠎ᠠ ᠬᠦᠮᠦᠰ ᠪᠠᠶᠢᠵᠤ᠂ ᠵᠦᠪᠬᠡᠨ ᠡᠳᠡᠭᠡᠷ ᠬᠦᠮᠦᠰ ᠤᠨ ᠬᠦᠳᠡᠯᠭᠡᠭᠡᠨ ᠤ ᠬᠡᠮᠵᠢᠶ᠎ᠠ ᠪᠠᠷ ᠨᠢᠭᠡ ᠤᠯᠤᠰ ᠪᠤᠶᠤ ᠨᠢᠭᠡ ᠭᠠᠵᠠᠷ ᠤᠷᠤᠨ ᠤ ᠬᠦᠳᠡᠯᠭᠡᠭᠡᠨ ᠤ ᠳᠠᠳᠬᠠᠯ ᠢ ᠤᠴᠢᠵᠤ ᠳᠤᠳᠤᠷᠬᠠᠶᠢᠯᠬᠤ ᠨᠢ ᠪᠤᠰᠤᠳᠴᠢ ᠪᠦᠬᠦ ᠳᠠᠯ᠎ᠠ ᠶᠢᠨ ᠬᠢ ᠪᠠᠶᠢᠵᠤ ᠳᠡᠶᠢᠯᠬᠦ ᠦᠭᠡᠢ᠃ ᠤᠳᠤ ᠶᠢᠨ ᠪᠤᠳᠠᠳᠤ ᠪᠠᠶᠢᠳᠠᠯ᠎ᠠ ᠠᠴᠠ ᠠᠪᠴᠤ ᠦᠵᠡᠪᠡᠯ᠂ ᠮᠠᠨ ᠤ ᠳᠤᠮᠳᠠᠳᠤᠴᠤᠳ ᠳᠡᠭᠰᠢᠳᠭᠡᠭᠡᠳ ᠨᠢᠭᠡ ᠬᠦᠮᠦᠨ ᠤ ᠨᠢᠭᠡ ᠡᠳᠦᠷ ᠤᠨ ᠶᠠᠪᠠᠭᠠᠨ ᠠᠯᠬᠤᠭᠰᠠᠨ ᠳᠤᠭ᠎ᠠ ᠪᠠᠰᠠ 6000 ᠠᠯᠬᠤᠮ ᠳᠤ ᠬᠦᠷᠦᠭᠡᠳᠦᠢ ᠪᠠᠶᠢᠬᠰᠠᠭᠠᠷ᠃ ᠨᠡᠩ ᠤᠯᠠᠨ ᠬᠦᠮᠦᠨ ᠳᠤ ᠠᠪᠴᠤ ᠬᠡᠯᠡᠪᠡᠯ ᠬᠦᠳᠡᠯᠭᠡᠭᠡᠨ ᠤ ᠬᠡᠮᠵᠢᠶ᠎ᠠ ᠪᠠᠨ ᠨᠡᠮᠡᠭᠳᠡᠭᠦᠯᠬᠦ ᠤᠷᠤᠨ ᠵᠠᠢ ᠶᠡᠭᠡ ᠪᠠᠶᠢᠬᠰᠠᠭᠠᠷ᠃      ᠰᠲ᠋ᠠᠨᠹᠦᠷᠳ᠋ ᠤᠨ ᠰᠤᠳᠤᠯᠭᠠᠨ᠄      69 ᠬᠤᠳᠠ ᠶᠢᠨ ᠳᠤᠭ᠎ᠠ ᠪᠠᠷᠢᠮᠳᠠ ᠳᠤ ᠵᠠᠳᠠᠯᠤᠯᠳᠠ ᠬᠢᠭᠰᠡᠨ ᠰᠠᠭᠤᠷᠢᠨ ᠳᠡᠭᠡᠷ᠎ᠡ᠂ ᠰᠲ᠋ᠠᠨᠹᠦᠷᠲ ᠤᠨ ᠰᠤᠳᠤᠯᠭᠠᠳᠠᠳ᠂ ᠶᠠᠪᠠᠭᠠᠨ ᠠᠯᠬᠤᠬᠤ ᠳᠤ ᠵᠤᠬᠢᠷᠠᠮᠵᠢᠳᠠᠢ ᠪᠠᠶᠢᠬᠤ ᠪᠠ ᠶᠠᠪᠠᠭᠠᠨ ᠶᠠᠪᠤᠬᠤ ᠳᠤ ᠳᠦᠭᠦᠮ ᠪᠠᠶᠢᠬᠤ ᠪᠠᠶᠢᠳᠠᠯ ᠨᠢ ᠰᠠᠭᠤᠭᠠᠯᠢ ᠠᠷᠠᠳ ᠤᠨ ᠡᠷᠡᠭᠦᠯ ᠮᠡᠨᠳᠦ ᠲᠠᠢ ᠨᠢᠬᠳᠠ ᠬᠤᠯᠪᠤᠭ᠎ᠠ ᠲᠠᠢ ᠭᠡᠳᠡᠭ ᠦᠷ᠎ᠡ ᠳ᠋ᠦᠩ ᠤᠯᠤᠭᠰᠠᠨ ᠪᠠᠶᠢᠨ᠋᠎ᠠ᠃ ᠬᠡᠷᠪᠡ ᠨᠢᠭᠡ ᠬᠤᠳᠠ ᠶᠢᠨ ᠵᠢᠷᠤᠭ ᠳᠦᠯᠦᠪᠯᠡᠭᠡ ᠨᠢ ᠶᠠᠪᠠᠭᠠᠨ ᠶᠠᠪᠤᠭᠰᠠᠳ ᠲᠤ ᠨᠠᠶᠢᠷᠰᠠᠭ ᠪᠠᠶᠢᠪᠠᠯ᠂ ᠵᠢᠱᠢᠶᠡᠯᠡᠪᠡᠯ ᠬᠦᠮᠦᠰ ᠤᠨ ᠳᠡᠯᠭᠡᠭᠦᠷ᠂ ᠭᠤᠸᠠᠩᠵᠠ᠂ ᠴᠡᠴᠡᠷᠯᠢᠭ ᠪᠠ ᠪᠤᠰᠤᠳ ᠶᠠᠮᠠᠷ ᠨᠢᠭᠡ ᠭᠠᠵᠠᠷ ᠲᠤ ᠤᠴᠢᠬᠤ ᠶᠠᠪᠠᠭᠠᠨ ᠵᠠᠮ ᠢ ᠳᠤᠩ ᠰᠠᠶᠢᠬᠠᠨ ᠪᠠᠶᠢᠭᠤᠯᠤᠭᠰᠠᠨ ᠪᠠᠶᠢᠵᠤ᠂ ᠳᠤᠩ ᠳᠦᠭᠦᠮ᠂ ᠪᠡᠶ᠎ᠡ ᠳᠤ ᠳᠠᠭᠠᠳᠠᠢ ᠪᠠᠶᠢᠪᠠᠯ᠂ ᠡ᠊ᠨᠳᠡ ᠠᠮᠢᠳᠤᠷᠠᠵᠤ ᠪᠠᠶᠢᠭ᠎ᠠ ᠬᠦᠮᠦᠰ᠂ ᠡᠷᠡᠭᠳᠡᠢ ᠡᠮᠡᠭᠳᠡᠢ ᠬᠦᠭᠰᠢᠨ ᠵᠠᠯᠠᠭᠤ᠂ ᠳᠠᠷᠭᠤᠨ ᠡᠴᠡᠩᠭᠢ ᠴᠢᠬᠢᠷᠠᠭ ᠪᠠᠭᠤᠷᠠᠢ ᠭᠡᠰᠡᠨ ᠦᠭᠡᠢ ᠪᠦᠷ ᠯᠡ ᠶᠠᠪᠠᠭᠠᠨ ᠶᠠᠪᠤᠬᠤ ᠳᠤ ᠳᠤᠷ᠎ᠠ ᠲᠠᠢ ᠪᠠᠶᠢᠬᠤ ᠪᠤᠯᠤᠨ᠋᠎ᠠ ᠭᠡᠵᠦ ᠰᠲ᠋ᠠᠨᠹᠦᠷᠲ ᠶᠡᠭᠡ ᠰᠤᠷᠭᠠᠭᠤᠯᠢ ᠶᠢᠨ ᠳ᠋ᠠᠶᠢᠲ᠋ᠠ ᠶᠢᠨ ᠰᠢᠨᠵᠢᠯᠡᠬᠦ ᠤᠬᠠᠭᠠᠨ ᠤ ᠳᠦᠪ ᠤᠨ ᠡᠷᠭᠢᠯᠡᠭᠴᠢ ᠵᠧᠨᠢᠹ · ᠬᠠᠶᠢᠺᠰ ᠶᠠᠷᠢᠬᠰᠠᠨ ᠪᠠᠶᠢᠨ᠋᠎ᠠ᠃      ᠯᠢ ᠰᠢᠶᠦ᠋ᠨ ︵ᠳᠤᠮᠳᠠᠳᠤ ᠤᠯᠤᠰ ᠤᠨ ᠬᠤᠳᠠ ᠶᠢᠨ ᠳᠦᠯᠦᠪᠵᠢᠭᠦᠯᠭᠡ ᠵᠢᠷᠤᠭ ᠳᠦᠯᠦᠪᠯᠡᠭᠡᠨ ᠤ ᠰᠤᠳᠤᠯᠭᠠᠨ ᠤ ᠬᠦᠷᠢᠶᠡᠯᠡᠩ ᠤᠨ ᠳᠡᠳ᠋ ᠳᠠᠷᠤᠭ᠎ᠠ︶ ᠤ ᠵᠠᠳᠠᠯᠤᠯᠳᠠ᠄      ᠬᠤᠳᠠ ᠶᠢᠨ ᠳᠦᠯᠦᠪᠵᠢᠭᠦᠯᠭᠡ ᠳᠤ᠂ ᠶᠠᠪᠠᠭᠠᠨ ᠠᠯᠬᠤᠬᠤ ᠵᠠᠢ ᠶᠢᠨ ᠳᠠᠯ᠎ᠠ ᠪᠠᠷ ᠵᠢᠷᠤᠭ ᠳᠦᠯᠦᠪᠯᠡᠭᠡᠨ ᠤ ᠱᠠᠭᠠᠷᠳᠠᠯᠭ᠎ᠠ ᠲᠠᠢ ᠪᠠᠶᠢᠳᠠᠭ᠄ ᠭᠡᠷ ᠠᠴᠠ ᠨᠢ ᠬᠠᠮᠤᠭ ᠤᠨ ᠤᠶᠢᠷᠠᠬᠠᠨ ᠨᠤᠭᠤᠭᠠᠷᠠᠭᠤᠯᠤᠭᠰᠠᠨ ᠭᠠᠵᠠᠷ᠂ ᠬᠠᠮ ᠳᠡᠯᠭᠡᠭᠦᠷ ᠵᠢᠴᠢ ᠪᠤᠰᠤᠳ ᠤᠯᠠᠨ ᠨᠡᠶᠢᠳᠡ ᠶᠢᠨ ᠦᠢᠯᠡᠴᠢᠯᠡᠭᠡᠨ ᠤ ᠳᠦᠬᠦᠭᠡᠷᠦᠮᠵᠢ ᠳᠤ ᠬᠦᠷᠬᠦ ᠵᠠᠢ ᠶᠢ ᠪᠦᠷ 500 ᠮᠧᠲᠷ ᠠᠴᠠ ᠳᠠᠪᠠᠭᠤᠯᠬᠤ ᠦᠭᠡᠢ ᠪᠠᠶᠢᠬᠤ ᠰᠠᠨᠠᠯ ᠵᠦᠪᠯᠡᠯᠭᠡᠨ ᠦᠭᠭᠦᠭᠰᠡᠨ ᠪᠠᠶᠢᠳᠠᠭ ᠪᠦᠭᠡᠳ ᠬᠠᠮᠤᠭ ᠤᠨ ᠬᠤᠯᠠ ᠳᠠᠭᠠᠨ 1 ᠺᠢᠯᠦᠮᠧᠲᠷ ᠠᠴᠠ ᠳᠠᠪᠠᠭᠤᠯᠬᠤ ᠦᠭᠡᠢ ᠪᠠᠶᠢᠬᠤ ᠭᠡᠷᠡᠭᠳᠡᠢ ᠭᠡᠵᠦ ᠱᠠᠭᠠᠷᠳᠠᠭᠰᠠᠨ ᠪᠠᠶᠢᠳᠠᠭ ᠠᠵᠢ᠃ ᠨᠠᠰᠤᠨ ᠳᠤ ᠬᠦᠷᠦᠭᠰᠡᠳ ᠤᠨ ᠨᠢᠭᠡ ᠠᠯᠬᠤᠮ ᠨᠢ ᠪᠠᠷᠤᠭ 60 ~ 70 ᠰᠡᠨᠲ᠋ᠢᠮᠧᠲᠷ ᠪᠠᠶᠢᠳᠠᠭ᠂ ᠭᠡᠷᠪᠡ ᠡᠳᠦᠷ ᠲᠤ ᠶᠠᠪᠠᠭᠠᠨ ᠢᠶᠠᠷ 6000 ᠠᠯᠬᠤᠮ ᠠᠯᠬᠤᠬᠤ ᠪᠠᠷ ᠪᠤᠳᠤᠪᠠᠯ᠂ ᠨᠢᠭᠡ ᠬᠦᠮᠦᠨ ᠨᠢᠭᠡ ᠡᠳᠦᠷ ᠪᠠᠷᠤᠭ 3.6 ~ 4.2 ᠺᠢᠯᠦᠮᠧᠲᠷ ᠠᠯᠬᠤᠨ᠋᠎ᠠ᠂ ᠭᠡᠷ ᠪᠤᠶᠤ ᠠᠯᠪᠠᠨ ᠭᠡᠷ ᠲᠡᠭᠡᠨ ᠨᠠᠰᠢ ᠴᠠᠰᠢ ᠠᠯᠬᠤᠬᠤ ᠮᠡᠳᠦ ᠶᠢᠨ ᠶᠠᠯᠢᠮ ᠦᠭᠡᠢ ᠶᠠᠪᠤᠵᠤ ᠰᠠᠭᠤᠬᠤ ᠶᠢ ᠤᠷᠤᠭᠤᠯᠬᠤ ᠦᠭᠡᠢ ᠪᠠᠷ᠂ ᠨᠢᠭᠡ ᠬᠦᠮᠦᠨ ᠠᠵᠢᠯ ᠳᠠᠭᠠᠨ ᠶᠠᠪᠤᠭᠠᠳ ᠢᠷᠡᠳᠡᠯ᠎ᠠ ᠪᠠᠷᠤᠭ 2 ᠺᠢᠯᠦᠮᠧᠲᠷ ᠬᠢᠷᠢ ᠶᠠᠪᠠᠭᠠᠨ ᠠᠯᠬᠤᠨ᠋᠎ᠠ᠃ ᠡᠳᠦ᠋ᠢᠭᠡᠨ ᠵᠠᠢ ᠳᠤ ᠠᠯᠬᠤᠬᠤ ᠶᠢ ᠬᠡᠨ ᠴᠤ ᠦᠭᠡᠢ ᠭᠡᠬᠦ ᠦᠭᠡᠢ᠂ ᠳᠡᠷᠡ ᠨᠢ ᠳᠡᠭᠡᠭᠡᠳ ᠤᠳᠤᠬᠠᠨ ᠤ ᠮᠠᠨ ᠤ ᠤᠯᠤᠰ ᠤᠨ ᠱᠠᠭᠠᠷᠳᠠᠵᠤ ᠪᠠᠶᠢᠭ᠎ᠠ ᠬᠤᠳᠠ ᠶᠢᠨ ᠬᠦᠮᠦᠰ ᠤᠨ ᠶᠠᠪᠠᠭᠠᠨ ᠠᠯᠬᠤᠬᠤ ᠵᠠᠢ ᠲᠠᠢ ᠴᠤ ᠨᠡᠶᠢᠴᠡᠵᠦ ᠪᠠᠶᠢᠭ᠎ᠠ ᠶᠤᠮ᠃      ᠤᠬᠢ ᠰᠠᠶᠢᠨ ᠶᠠᠪᠠᠭᠠᠨ ᠠᠯᠬᠤᠬᠤ ᠤᠷᠴᠢᠨ ᠳᠤᠭᠤᠷᠢᠨ ᠨᠢ ᠮᠠᠰᠢᠨ ᠳᠡᠷᠭᠡᠨ ᠤ ᠦᠢᠮᠡᠭᠡᠨ ᠪᠠᠶᠢᠬᠤ ᠡᠰᠡᠬᠦ᠂ ᠠᠭᠠᠷ ᠮᠠᠨᠳᠠᠯ ᠤᠨ ᠤᠷᠴᠢᠨ ᠳᠤᠭᠤᠷᠢᠨ ᠨᠢ ᠬᠢᠷᠢ ᠵᠡᠷᠭᠡ ᠪᠠᠶᠢᠬᠤ᠂ ᠵᠠᠮ ᠳᠠᠭᠠᠤ ᠳᠤᠨᠢ ᠭᠤᠤᠯ ᠤᠰᠤ ᠪᠤᠶᠤ ᠴᠡᠴᠡᠷᠯᠢᠭ ᠨᠤᠭᠤᠭᠠᠷᠠᠭᠤᠯᠤᠯᠳᠠ ᠪᠠᠶᠢᠬᠤ ᠡᠰᠡᠬᠦ ᠲᠠᠢ ᠴᠤ ᠬᠤᠯᠪᠤᠭ᠎ᠠ ᠲᠠᠢ᠃ ᠪᠤᠬᠢᠷᠳᠤᠯ ᠦᠭᠡᠢ ᠶᠠᠪᠠᠭᠠᠨ ᠵᠠᠮ ᠢ ᠪᠦᠲᠦᠭᠡᠨ ᠪᠠᠶᠢᠭᠤᠯᠬᠤ ᠳᠠᠯ᠎ᠠ ᠪᠠᠷ᠂ ᠮᠠᠨ ᠤ ᠤᠯᠤᠰ ᠲᠤ ᠭᠤᠸᠠᠩᠳᠦ᠋ᠩ ᠮᠤᠵᠢ ᠡᠯ᠎ᠠ ᠮᠤᠵᠢ ᠬᠤᠳᠠ ᠤᠷᠤᠨ ᠤ ᠳᠤᠳᠤᠷ᠎ᠠ ᠪᠠᠨ ᠳᠦᠷᠦᠭᠦᠯᠡᠵᠦ ᠪᠠᠶᠢᠳᠠᠭ᠃ ᠤᠳᠤᠬᠠᠨ ᠳᠤ᠂ ᠵᠧᠵᠢᠶᠠᠩ᠂ ᠵᠢᠶᠠᠩᠰᠦ ᠵᠡᠷᠭᠡ ᠮᠤᠵᠢ ᠬᠤᠳᠠ ᠴᠤ ᠬᠤᠳᠠ ᠶᠢᠨ ᠪᠤᠬᠢᠷᠳᠤᠯ ᠦᠭᠡᠢ ᠶᠠᠪᠠᠭᠠᠨ ᠵᠠᠮ ᠢ ᠪᠦᠲᠦᠭᠡᠨ ᠪᠠᠶᠢᠭᠤᠯᠵᠤ ᠡᠭᠢᠯᠡᠭᠡᠳ ᠪᠠᠶᠢᠨ᠋᠎ᠠ᠃ ᠵᠦᠪᠬᠡᠨ ᠤᠬᠢ ᠰᠠᠶᠢᠨ ᠶᠠᠪᠠᠭᠠᠨ ᠠᠯᠬᠤᠬᠤ ᠤᠷᠴᠢᠨ ᠳᠤᠭᠤᠷᠢᠨ ᠢ ᠪᠠᠶᠢᠭᠤᠯᠵᠤ ᠦᠭᠪᠡᠯ ᠰᠠᠶ᠋ᠢ ᠬᠦᠮᠦᠨ ᠠᠷᠠᠳ ᠢᠶᠠᠨ ᠤᠯᠠᠮ ᠢᠯᠡᠭᠦᠦ᠂ ᠤᠯᠠᠮ ᠡᠷᠡᠭᠦᠯ ᠰᠠᠷᠠᠭᠤᠯ ᠢᠶᠠᠷ ᠶᠠᠪᠠᠭᠠᠨ ᠠᠯᠬᠤᠵᠤ ᠪᠡᠶ᠎ᠡ ᠪᠠᠨ ᠪᠤᠯᠪᠠᠰᠤᠷᠠᠭᠤᠯᠬᠤ ᠶᠢ ᠵᠤᠷᠢᠬᠵᠢᠭᠤᠯᠵᠤ ᠳᠡᠳᠭᠦᠵᠦ ᠳᠡᠶᠢᠯᠦᠨ᠋᠎ᠠ᠃ ︵︽ᠦᠪᠦᠷ ᠮᠤᠩᠭᠤᠯ ᠤᠨ ᠡᠳᠦᠷ ᠤᠨ ᠰᠤᠨᠢᠨ︾ ᠠᠴᠠ ᠰᠢᠯᠵᠢᠬᠦᠯᠪᠡ︶
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号