| 5 ᠰᠠᠷ᠎ᠠ ᠶᠢᠨ 28 ᠤ ᠡᠳᠦᠷ᠂ ᠬᠢᠩᠭᠠᠨ ᠠᠶᠢᠮᠠᠭ ᠤᠨ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠢ | ᠪᠡᠯᠭᠡᠯᠡᠬᠦ ᠠᠵᠢᠯᠯᠠᠭ᠎ᠠ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠭᠦᠢᠯᠡᠷ ᠠᠮᠢ ᠠᠬᠤᠶ ᠶᠢᠨ | ᠴᠡᠴᠡᠷᠯᠢᠭ ᠲᠤ ᠶᠠᠪᠤᠭᠳᠠᠵᠠᠢ᠃ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠤᠯᠤᠰ ᠲᠥᠷᠥ ᠶᠢᠨ | ᠵᠥᠪᠯᠡᠯᠭᠡᠨ ᠤ ᠲᠡᠷᠢᠭᠦᠯᠡᠭᠴᠢ ᠶᠤᠸᠠᠢ ᠰᠥᠩ ᠱᠠᠨ᠂ ᠬᠢᠩᠭᠠᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ | ᠨᠠᠮ ᠤᠨ ᠬᠤᠷᠢᠶᠠᠨ ᠤ ᠭᠡᠰᠢᠭᠦᠨ᠂ ᠳᠡᠳ᠋ ᠵᠠᠬᠢᠷᠤᠯ ᠭᠤᠤ ᠠᠶ ᠵᠢᠶᠦ᠋ᠨ᠂ ᠬᠢᠩᠭᠠᠨ ᠠᠵᠢᠯ ᠮᠡᠷᠭᠡᠵᠢᠯ ᠤᠨ ᠳᠡᠭᠡᠳᠦ | ᠰᠤᠷᠭᠠᠭᠤᠯᠢ ᠶᠢᠨ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠬᠢᠭᠡᠳ ᠭᠠᠳᠠᠭᠠᠳᠤ ᠰᠣᠯᠢᠯᠴᠠᠭᠠᠨ ᠤ | ᠭᠠᠵᠠᠷ ᠤᠨ ᠳᠠᠷᠤᠭ᠎ᠠ ᠮᠧᠩ ᠰᠢᠶᠠᠩ ᠹᠸᠢ᠂ ᠠᠶᠢᠮᠠᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠡᠳ᠋ | ᠳᠠᠷᠤᠭ᠎ᠠ ᠸᠠᠩ ᠬᠤᠤ ᠵᠡᠷᠭᠡ ᠠᠶᠢᠮᠠᠭ ᠬᠤᠰᠢᠭᠤᠨ ᠤ ᠤᠳᠤᠷᠢᠳᠤᠯᠭ᠎ᠠ ᠲᠤᠰ ᠠᠵᠢᠯᠯᠠᠭ᠎ᠠ ᠳᠤ ᠣᠷᠣᠯᠴᠠᠵᠠᠶ᠃ | ᠲᠤᠰ ᠤᠳᠠᠭᠠᠨ ᠤ ᠠᠵᠢᠯᠯᠠᠭ᠎ᠠ ᠪᠠᠶᠠᠷ ᠪᠠᠶᠠᠰᠬᠤᠯᠠᠩᠲᠤ ᠪᠥᠵᠢᠭ ᠤᠨ ᠳᠤᠮᠳᠠ ᠬᠥᠰᠢᠭᠡ ᠪᠠᠨ ᠰᠡᠬᠦᠵᠦ᠂ | ᠨᠡᠶᠢᠭᠡᠮ ᠲᠣᠭᠤᠷᠢᠭ ᠠᠴᠠ ᠢᠷᠡᠭᠰᠡᠨ ᠤᠳᠬ᠎ᠠ ᠤᠷᠠᠯᠢᠭ ᠤᠨ ᠡᠩᠨᠡᠭᠡᠨ ᠤ ᠬᠢᠨ ᠳᠠᠭᠤᠤ᠂ ᠪᠥᠵᠢᠭ ᠵᠡᠷᠭᠡ ᠭᠤᠶᠢᠳᠠ | ᠰᠠᠶᠢᠬᠠᠨ ᠲᠣᠭᠯᠠᠯᠲᠠ ᠶᠢ ᠲᠠᠷᠠᠭ᠎ᠠ ᠳᠠᠷᠠᠭ᠎ᠠ ᠪᠠᠷ ᠭᠠᠷᠭᠠᠵᠤ᠂ ᠥᠷᠭᠡᠨ ᠤᠯᠠᠨ ᠦᠵᠡᠭᠴᠢᠳ ᠤᠨ ᠰᠡᠳᠭᠢᠯ ᠤᠨ | ᠬᠦᠪᠴᠢ ᠶᠢ ᠲᠤᠯᠭᠢᠰᠤᠭᠤᠯᠵᠤ᠂ ᠳᠡᠳᠡᠨᠡᠷ ᠤᠨ ᠨᠠᠮ ᠢᠶᠠᠨ ᠬᠠᠶᠢᠷᠠᠯᠠᠵᠤ ᠤᠯᠤᠰ ᠢᠶᠠᠨ ᠬᠠᠶᠢᠷᠠᠯᠠᠬᠤ ᠰᠡᠳᠬᠢᠯᠭᠡ ᠪᠠ | ᠰᠠᠶᠢᠨ ᠰᠠᠶᠢᠬᠠᠨ ᠭᠡᠷ ᠣᠷᠣᠨ ᠢᠶᠠᠨ ᠬᠠᠮᠲᠤ ᠪᠠᠷ ᠪᠦᠳᠦᠭᠡᠨ ᠪᠠᠶᠢᠭᠤᠯᠬᠤ ᠤᠭ ᠰᠠᠨᠠᠭ᠎ᠠ ᠶᠢ ᠢᠯᠡᠳᠬᠡᠵᠦ᠂ ᠬᠥᠷᠰᠢ | ᠵᠡᠷᠭᠡᠯᠡᠳᠡᠭᠡ ᠶᠢᠨ ᠡᠶ᠎ᠡ ᠵᠣᠬᠢᠴᠠᠩᠭᠤᠢ᠂ ᠬᠠᠮᠲᠤ ᠪᠠᠷ ᠠᠭᠤᠰᠤᠯᠴᠠᠨ ᠬᠠᠮᠲᠤ ᠪᠠᠷ ᠪᠠᠶᠠᠰᠬᠤ ᠰᠣᠶᠣᠯ ᠤᠨ ᠠᠭᠤᠷ | ᠠᠮᠢᠰᠬᠤᠯ ᠢ ᠪᠤᠢ ᠪᠣᠯᠭᠠᠪᠠ᠃ | ᠲᠤᠬᠠᠶ ᠶᠢᠨ ᠲᠠᠯᠠᠪᠠᠶ ᠳᠤ ᠪᠠᠰᠠ ᠠᠷᠠᠳ ᠤᠨ ᠵᠠᠩ ᠦᠢᠯᠡ ᠶᠢ ᠣᠶᠢᠯᠠᠭᠠᠬᠤ ᠲᠣᠭᠤᠷᠢᠭ ᠭᠠᠷᠭᠠᠵᠤ᠂ | ᠰᠠᠭᠤᠭᠠᠯᠢ ᠠᠷᠠᠳ ᠲᠤ ᠽᠦᠩᠽᠢ ᠪᠠᠷᠢᠬᠤ᠂ ᠥᠩᠭᠡᠲᠦ ᠥᠨᠳᠡᠭᠡ ᠵᠢᠷᠤᠬᠤ᠂ ᠲᠠᠪᠤᠨ ᠥᠩᠭᠡᠲᠦ ᠤᠳᠠᠰᠤ ᠭᠦᠷᠦᠬᠦ | ᠵᠡᠷᠭᠡ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠤᠯᠠᠮᠵᠢᠯᠠᠯᠲᠤ ᠵᠠᠩ ᠦᠢᠯᠡ ᠶᠢ ᠭᠦᠨᠵᠡᠭᠡᠶ ᠣᠶᠢᠯᠠᠭᠠᠭᠤᠯᠬᠤ ᠶᠢᠨ | ᠲᠠᠭᠠᠤ ᠤᠯᠠᠮᠵᠢᠯᠠᠯᠲᠤ ᠰᠣᠶᠣᠯ ᠤᠨ ᠷᠢᠳᠢ ᠰᠢᠳᠢ ᠶᠢ ᠮᠡᠳᠡᠷᠡᠭᠦᠯᠵᠦ᠂ ᠬᠥᠷᠰᠢ ᠵᠡᠷᠭᠡᠯᠡᠳᠡᠭᠡ ᠶᠢᠨ ᠬᠤᠭᠤᠷᠣᠨᠳᠣᠬᠢ | ᠵᠠᠶ ᠶᠢ ᠤᠯᠠᠮ ᠨᠢᠭᠡ ᠠᠯᠬᠤᠮ ᠣᠶᠢᠷᠠᠲᠤᠭᠤᠯᠵᠠᠶ᠃ | ᠪᠢᠴᠢᠬᠠᠨ ᠨᠠᠶᠢᠵᠠ ᠨᠠᠷ ᠤᠨ ᠳᠤᠷ᠎ᠠ ᠪᠠᠬ᠎ᠠ ᠶᠢ ᠶᠡᠬᠡᠳᠡ ᠲᠠᠲᠠᠭᠰᠠᠨ ᠡᠴᠢᠬᠡ ᠡᠬᠡ ᠨᠢ ᠦᠷ᠎ᠡ ᠬᠡᠦᠬᠡᠳ ᠲᠠᠢ | ᠪᠠᠨ ᠬᠠᠮᠳᠤ ᠵᠢᠷᠤᠭᠴᠢᠯᠠᠬᠤ ᠨᠢ ᠡᠨᠡ ᠤᠳᠠᠭᠠᠨ ᠤ ᠠᠵᠢᠯᠯᠠᠭ᠎ᠠ ᠶᠢᠨ ᠬᠠᠯᠠᠮᠰᠢᠯ ᠦᠵᠡᠭᠳᠡᠯ ᠪᠣᠯᠤᠭᠰᠠᠨ ᠪᠠᠶᠢᠨ᠎ᠠ᠂ | ᠬᠡᠦᠬᠡᠳ ᠪᠣᠯᠤᠨ ᠭᠡᠷ ᠤᠨ ᠠᠬᠠᠮᠠᠳ ᠬᠠᠮᠲᠤ ᠪᠠᠷ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ ᠵᠠᠩ | ᠦᠢᠯᠡ ᠶᠢ ᠵᠢᠷᠤᠭᠯᠠᠵᠤ᠂ ᠬᠡᠦᠬᠡᠳ ᠤᠨ ᠳᠤᠷ᠎ᠠ ᠰᠣᠨᠢᠷᠬᠠᠯ ᠤᠨ ᠳᠤᠮᠳᠠ ᠬᠤᠪᠢᠰᠬᠠᠯᠲᠤ ᠵᠣᠷᠢᠭ ᠰᠠᠨᠠᠭ᠎ᠠ ᠶᠢ | ᠳᠠᠮᠵᠢᠭᠤᠯᠵᠤ᠂ ᠨᠡᠶᠢᠭᠡᠮ ᠲᠣᠭᠤᠷᠢᠭ ᠤᠨ ᠬᠠᠯᠠᠭᠤᠨ ᠳᠤᠯᠠᠭᠠᠨ ᠰᠣᠶᠣᠯ ᠤᠨ ᠠᠭᠤᠷ ᠠᠮᠢᠰᠬᠤᠯ ᠢ ᠪᠤᠶ ᠪᠣᠯᠭᠠᠭᠰᠠᠨ | ᠪᠠᠶᠢᠨ᠎ᠠ᠃ | ᠲᠤᠰ ᠤᠳᠠᠭᠠᠨ ᠤ ᠠᠵᠢᠯᠯᠠᠭ᠎ᠠ ᠶᠢ ᠬᠢᠩᠭᠠᠨ ᠠᠶᠢᠮᠠᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠠᠴᠠ | ᠭᠤᠣᠯᠯᠠᠨ ᠡᠷᠭᠢᠯᠡᠵᠦ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ | ᠬᠡᠯᠲᠡᠰ᠂ ᠬᠤᠰᠢᠭᠤᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ ᠬᠤᠰᠢᠭᠤᠨ ᠤ ᠨᠠᠮ ᠣᠯᠠᠨ | ᠲᠦᠮᠡᠨ ᠤ ᠠᠵᠢᠯ ᠤᠨ ᠦᠢᠯᠡᠴᠢᠯᠡᠭᠡᠨ ᠤ ᠲᠥᠪ ᠵᠢᠴᠢ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠳ᠋ᠠ | ᠨᠥᠩ ᠶᠧ ᠪᠠᠯᠠ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ ᠲᠠᠭᠠᠭᠠᠴᠢᠯᠠᠨ ᠡᠷᠬᠢᠯᠡᠨ ᠲᠠᠪᠤᠨ ᠰᠠᠷ᠎ᠠ ᠶᠢᠨ | ᠰᠢᠨ᠎ᠡ ᠶᠢᠨ ᠲᠠᠪᠤᠨ ᠤ ᠪᠠᠶᠠᠷ ᠢᠶᠠᠷ ᠠᠵᠠ ᠲᠣᠬᠢᠶᠠᠯ ᠪᠣᠯᠭᠠᠵᠤ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ | ᠶᠠᠪᠤᠯᠴᠠᠭ᠎ᠠ ᠰᠣᠯᠢᠯᠴᠠᠭ᠎ᠠ ᠶᠢᠨ ᠲᠠᠪᠴᠠᠩ ᠬᠠᠩᠭᠠᠨ ᠥᠭᠴᠦ᠂ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ | ᠰᠣᠶᠣᠯ ᠢ ᠪᠠᠳᠠᠷᠠᠭᠤᠯᠤᠭᠰᠠᠨ ᠢᠶᠠᠷ ᠪᠠᠷᠠᠬᠤ ᠥᠬᠡᠶ ᠪᠠᠰᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠳᠤ ᠴᠤᠭᠴᠠᠯᠠᠬᠤ ᠶᠢ ᠦᠨᠳᠦᠰᠦᠲᠡᠨ ᠨᠦᠭᠦᠳ ᠤᠨ ᠣᠯᠠᠨ ᠲᠦᠮᠡᠨ ᠤ ᠰᠡᠳᠬᠢᠯ | ᠵᠢᠷᠦᠬᠡᠨ ᠳᠤ ᠭᠦᠨ ᠦᠨᠳᠦᠰᠦᠯᠡᠭᠦᠯᠦᠭᠰᠡᠨ ᠪᠠᠶᠢᠨ᠎ᠠ᠃ |